ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 154 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/20
    3 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 154 ᠳ᠋ᠤᠭᠡᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠦ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠭᠡᠬᠦ ᠴᠢᠬᠤᠯᠠ ᠵᠣᠬᠢᠶᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠬᠥᠬᠡᠬᠤᠲᠠ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 165 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠪᠦᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾᠂ ︽ᠲᠦᠮᠡᠳ ᠵᠡᠭᠦᠨ ᠬᠤᠰᠢᠭᠤᠨ ᠤ 2025 ᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠭᠤᠤᠯᠳᠠᠯᠭ᠎ᠠ︾᠂ ︽ᠲᠦᠮᠡᠳ ᠵᠡᠭᠦᠨ ᠬᠤᠰᠢᠭᠤᠨ ᠤ 2024 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠪᠣᠯᠣᠨ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠪᠣᠯ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭᠠᠨ ᠤ ᠳᠣᠲᠣᠷ᠎ᠠ ᠪᠡᠶᠡᠯᠡᠭᠦᠯᠬᠦ ᠶᠢ ᠪᠠᠲᠤᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠪᠠᠯ ᠴᠠᠭ ᠲᠤᠬᠠᠢ ᠳᠤᠨᠢ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠵᠤ᠂ ᠭᠠᠷ ᠭᠦᠢᠴᠡᠳᠬᠡᠯ ᠢ ᠭᠦᠢᠴᠡᠳᠬᠡᠬᠦ ᠶᠠᠪᠤᠴᠠ ᠳᠠᠬᠢ ᠲᠦᠭᠵᠢᠷᠡᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠦᠢᠯᠡᠳᠪᠦᠷᠢᠯᠡᠯ᠂ ᠵᠠᠮ ᠬᠠᠷᠢᠯᠴᠠᠭ᠎ᠠ᠂ ᠣᠶ ᠰᠢᠭᠤᠶ ᠶᠢᠨ ᠭᠠᠯ ᠰᠡᠷᠭᠡᠶᠢᠯᠡᠬᠦ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯ ᠥᠬᠡᠶ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠺᠠᠳ᠋ᠷᠴᠤᠳ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠠᠮ ᠤᠨ ᠪᠠᠶᠢᠭᠤᠯᠤᠯᠲᠠ ᠵᠡᠷᠭᠡ ᠬᠦᠷᠢᠶᠡᠨ ᠳᠤ ᠢᠯᠡᠷᠡᠭᠰᠡᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂ ᠥᠭᠡᠷᠡᠴᠢᠯᠡᠯᠲᠡ ᠪᠠᠷ ᠳᠠᠮᠵᠢᠨ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号