ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/21
    ᠤᠯᠤᠰ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠤᠯ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠥᠷᠭᠡᠨ ᠢᠶᠠᠷ ᠤᠬᠠᠭᠤᠯᠬᠤ ᠪᠠ ᠰᠡᠷᠡᠮᠵᠢᠯᠡᠭᠦᠯᠬᠦ ᠬᠥᠮᠦᠵᠢᠯ ᠬᠢᠬᠦ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠳᠠᠭᠠᠳᠬᠠᠯ ᠢ ᠮᠡᠬᠡᠯᠡᠬᠦ  ᠦᠢᠯᠡ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾ ︽ᠠᠮᠢ ᠠᠪᠤᠷᠠᠬᠤ ᠵᠣᠭᠤᠰ︾ ᠢ ᠬᠠᠮᠲᠤ ᠪᠠᠷ ᠰᠠᠶᠢᠲᠤᠷ ᠰᠠᠬᠢᠨ  ᠬᠠᠮᠠᠭᠠᠯᠠᠨ᠎ᠠ ᠃    ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠠᠪᠰᠤᠷᠤᠨ ᠰᠠᠭᠤᠷᠢ ᠮᠥᠩᠭᠦ ᠬᠡᠷᠡᠭᠯᠡᠬᠦ ᠲᠦᠷᠢᠮ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠣᠶᠢᠯᠠᠭᠠᠭᠤᠯᠬᠤ ᠶᠢᠨ ᠬᠠᠮᠲᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠮᠠᠭᠤ ᠰᠠᠨᠠᠭ᠎ᠠ ᠪᠠᠷ ᠮᠡᠬᠡᠯᠡᠬᠦ ᠂ ᠳᠠᠬᠢᠨ ᠳᠠᠪᠲᠠᠨ ᠠᠪᠬᠤ ᠵᠡᠷᠭᠡ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢᠨ ᠢᠯᠡᠷᠡᠭᠦᠯᠬᠦ ᠬᠡᠯᠪᠡᠷᠢ ᠵᠢᠴᠢ ᠲᠡᠭᠦᠨ ᠤ ᠬᠦᠨᠳᠦ ᠨᠣᠴᠢᠲᠠᠶ ᠦᠷ᠎ᠡ ᠳ᠋ᠦᠩ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠪᠠ᠃ ᠡᠭᠦᠨ ᠤ ᠬᠠᠮᠲᠤ᠂ ᠮᠡᠬᠡᠯᠡᠭᠰᠡᠨ ᠳᠠᠭᠠᠳᠬᠠᠯ ᠢ ᠢᠯᠡᠴᠢᠯᠡᠨ ᠮᠡᠳᠡᠭᠦᠯᠬᠦ ᠤᠲᠠᠰᠤ ᠵᠡᠷᠭᠡ ᠠᠷᠭ᠎ᠠ ᠵᠠᠮ ᠢ ᠨᠡᠶᠢᠭᠡᠮ ᠨᠡᠶᠢᠲᠡ ᠳᠤ ᠨᠡᠶᠢᠲᠡᠯᠡᠵᠦ᠂ ᠣᠯᠠᠨ ᠲᠦᠮᠡᠨ ᠤ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠠᠶ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠳᠠᠭᠠᠳᠬᠠᠯ ᠢ ᠮᠡᠬᠡᠯᠡᠨ ᠬᠤᠳᠠᠯᠳᠤᠬᠤ ᠳᠤ ᠴᠣᠬᠢᠯᠲᠠ ᠥᠭᠬᠦ ᠲᠤᠬᠠᠶ ᠠᠩᠬᠠᠷᠬᠤ ᠬᠡᠮᠵᠢᠶ᠎ᠡ᠂ ᠮᠡᠳᠡᠷᠡᠬᠦ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠤ ᠬᠠᠮᠲᠤ ᠣᠯᠠᠨ ᠲᠦᠮᠡᠨ ᠳᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ︽ᠤᠯᠠᠭᠠᠨ ᠱᠤᠭᠤᠮ︾ ᠤᠨ ᠦᠵᠡᠯ ᠤᠬᠠᠮᠰᠠᠷ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢ ᠪᠠᠶᠢᠩᠭᠤᠵᠢᠭᠤᠯᠤᠭᠰᠠᠨ ᠠᠵᠢᠯ ᠪᠣᠯᠭᠠᠵᠤ᠂ ᠣᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ︔ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠦᠲᠦᠮᠵᠢᠲᠡᠶ ᠪᠠᠬᠢᠵᠢᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠬᠠᠮᠠᠭᠠᠯᠠᠨ᠎ᠠ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号