3 ᠰᠠᠷ᠎ᠠ ᠶᠢᠨ 20 ᠤ ᠡᠳᠦᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ | ᠬᠠᠩᠭᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ | ᠴᠠᠭᠠᠵᠠ ᠶᠢᠨ ᠦᠢᠯᠡᠴᠢᠯᠡᠭᠡ ᠪᠠᠷ ᠠᠵᠤ ᠠᠬᠤᠶᠢᠯᠠᠯ ᠢ ᠳᠡᠮᠵᠢᠬᠦ ᠪᠠᠷ ᠭᠤᠤᠯ ᠰᠢᠵᠢᠮ ᠪᠣᠯᠭᠠᠵᠤ᠂ ︽ᠬᠠᠤᠯᠢ | ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠶᠠᠲᠤ | ᠣᠷᠣᠨ ᠤ ᠳᠣᠲᠣᠷ᠎ᠠ ᠵᠢᠯ ᠳᠤ ᠦᠯᠡᠳᠡᠪᠦᠷᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ | ᠠᠯᠢ ᠣᠯᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠰᠠᠶᠢᠨ | ᠦᠨᠡᠯᠡᠯᠲᠡ ᠶᠢ ᠣᠯᠤᠭᠰᠠᠨ ᠪᠠᠶᠢᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠠᠵᠤ | ᠠᠬᠤᠶᠢᠯᠠᠯ ᠤᠨ ᠬᠠᠷᠢᠭᠤᠴᠠᠯᠭᠠᠲᠠᠨ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠠᠢ ᠨᠢᠭᠤᠷᠳᠠᠨ ᠶᠠᠷᠢᠯᠴᠠᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠬᠥᠭᠵᠢᠯᠲᠡ ᠶᠢᠨ ᠶᠠᠪᠤᠴᠠ ᠳᠤ | ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ | ᠳᠤᠷᠠᠳᠤᠭᠰᠠᠨ ᠭᠡᠷ᠎ᠡ ᠲᠣᠭᠲᠠᠬᠤ᠂ ᠬᠥᠳᠡᠯᠮᠦᠷᠢ ᠶᠢᠨ ᠵᠢᠭᠤᠷᠠᠯᠳᠤᠭᠠᠨ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠬᠢ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠪᠣᠳᠠᠲᠤ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠬᠠᠤᠯᠢ ᠴᠠᠭᠠᠵᠠ ᠶᠢᠨ ᠲᠠᠶᠢᠯᠤᠮᠵᠢ | ᠬᠢᠭᠰᠡᠨ ᠪᠥᠭᠡᠳ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠡᠭᠦᠨ ᠤ | ᠬᠠᠮᠲᠤ᠂ ᠠᠵᠤ ᠠᠬᠤᠶᠢᠯᠠᠯ ᠳᠤ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠦᠢᠯᠡᠴᠢᠯᠡᠭᠡ | ᠲᠣᠭᠲᠠᠭᠠᠵᠤ᠂ ᠠᠵᠤ ᠠᠬᠤᠶᠢᠯᠠᠯ ᠤᠨ ᠲᠦᠷᠢᠮ ᠲᠣᠭᠲᠠᠭᠠᠯ᠂ ᠭᠡᠷ᠎ᠡ ᠶᠢᠨ ᠪᠢᠴᠢᠭ ᠬᠠᠷ᠎ᠠ ᠵᠡᠷᠭᠡ ᠶᠢ ᠬᠢᠨᠠᠨ | ᠪᠠᠶᠢᠴᠠᠭᠠᠵᠤ᠂ ᠠᠵᠤ ᠠᠬᠤᠶᠢᠯᠠᠯ ᠢ ᠬᠠᠪᠰᠤᠷᠤᠨ ᠳᠠᠯᠳᠠ ᠬᠠᠤᠯᠢ ᠴᠠᠭᠠᠵᠠ ᠶᠢᠨ ᠲᠦᠭᠰᠢᠭᠦᠷᠢ ᠶᠢᠨ ᠴᠡᠭ ᠢ ᠡᠷᠢᠵᠦ᠂ | ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ | ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠪᠠ᠃ ᠡᠨᠡ ᠬᠤᠭᠤᠴᠠᠭᠠᠨ ᠳᠤ ᠪᠠᠰᠠ ᠠᠵᠤ ᠠᠬᠤᠶᠢᠯᠠᠯ ᠤᠨ | ᠦᠢᠯᠡᠳᠪᠦᠷᠢ ᠶᠢᠨ ᠲᠣᠭᠤᠷᠢᠭ᠂ ᠪᠠᠶᠢᠷᠢ ᠶᠢᠨ ᠭᠡᠷ ᠢ ᠰᠤᠷᠪᠤᠯᠵᠢᠯᠠᠵᠤ᠂ ᠠᠶᠤᠯᠭᠦᠢ ᠦᠢᠯᠡᠳᠪᠦᠷᠢᠯᠡᠯ ᠤᠨ ᠭᠡᠮ | ᠰᠣᠭᠤᠭ ᠪᠣᠯᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠢ ᠪᠠᠶᠢᠴᠠᠭᠠᠪᠠ᠃ | | ᠬᠠᠤᠯᠢ ᠴᠠᠭᠠᠵᠠ ᠶᠢᠨ ᠲᠣᠪᠴᠢᠶ᠎ᠠ ᠲᠣᠰ ᠤᠳᠠᠭᠠᠨ ᠤ ᠠᠵᠤ ᠠᠬᠤᠶᠢᠯᠠᠯ ᠳᠤ ᠭᠦᠨᠵᠡᠭᠡᠶᠢᠷᠡᠬᠦ ᠠᠵᠢᠯᠯᠠᠭ᠎ᠠ ᠪᠣᠯ | ᠠᠷᠠᠳ ᠤᠨ ᠲᠥᠯᠥᠭᠡ ᠬᠠᠤᠯᠢ ᠪᠠᠷᠢᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ | ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠡᠷᠡᠭᠦᠯ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ᠃ |