ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/24
    ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠲᠦᠮᠡᠳ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠪᠦᠬᠦ ᠬᠤᠰᠢᠭᠤᠨ ᠤ ᠠᠮᠤ ᠪᠤᠳᠠᠭ᠎ᠠ᠂ ᠡᠨᠧᠷᠭᠢ᠂ ᠰᠢᠦᠳᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃    ᠲᠣᠰ ᠤᠳᠠᠭᠠᠨ ᠤ ᠠᠵᠢᠯᠯᠠᠭ᠎ᠠ ᠳᠤ᠂ ᠪᠠᠶᠢᠴᠠᠭᠠᠬᠤ ᠳᠤᠭᠤᠶᠢᠯᠠᠩ ᠬᠥᠬᠡᠬᠤᠲᠠ ᠶᠢᠨ ᠵᠢᠶᠠ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠰᠢᠤᠳᠠᠨ ᠤ ᠲᠣᠭᠤᠷᠢᠭ ᠤᠨ ᠲᠥᠪ ᠲᠣᠪᠴᠢᠶ᠎ᠠ ᠵᠡᠷᠭᠡ ᠳᠥᠷᠪᠡᠨ ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠡᠬᠡ ᠲᠠᠩᠰᠠ ᠶᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠢᠮ ᠢ ᠬᠡᠷᠡᠭᠵᠢᠭᠦᠯᠬᠦ᠂ ᠬᠥᠮᠦᠵᠢᠯ ᠪᠣᠯᠪᠠᠰᠤᠷᠠᠭᠤᠯᠤᠯ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠥᠬᠦ ᠲᠠᠯ᠎ᠠ ᠪᠠᠷ ᠣᠨᠣᠰᠢᠯᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 11 ᠵᠦᠢᠯ ᠤᠨ ᠳᠠᠯᠳᠠ ᠬᠡᠮ ᠢ ᠢᠯᠡᠷᠡᠭᠦᠯᠵᠦ᠂ ᠢᠯᠡᠷᠡᠭᠦᠯᠦᠭᠰᠡᠨ ᠠᠰᠠᠭᠤᠳᠠᠯ ᠢ ᠨᠢᠭᠡᠨᠲᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ ᠬᠥᠳᠡᠯᠦᠩᠭᠦᠶ ᠪᠠᠷ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠬᠤ ᠶᠢᠨ ᠬᠠᠮᠲᠤ ᠲᠤᠰᠬᠠᠶ ᠮᠡᠷᠭᠡᠵᠢᠯ ᠤᠨ ᠰᠢᠢᠳᠪᠦᠷᠢᠯᠡᠬᠦ ᠲᠥᠰᠦᠯ ᠳᠤᠷᠠᠳᠴᠤ᠂ ᠠᠮᠤᠷ ᠲᠦᠪᠰᠢᠨ ᠤ ᠳᠠᠯᠳᠠ ᠬᠡᠮ ᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨ ᠬᠦ ᠪᠠᠲᠤᠯᠠᠵᠤ᠂ ︽ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠰᠢᠯᠭᠠᠨ ᠠᠪᠬᠤ︾ ᠪᠦᠷᠢᠨ ᠪᠦᠲᠦᠨ ᠪᠢᠲᠡᠭᠦᠮᠵᠢᠯᠡᠭᠰᠡᠨ ᠪᠠᠶᠢᠳᠠᠯ ᠢ ᠪᠣᠶ ᠪᠣᠯᠭᠠᠪᠠ᠃    ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤᠰ ᠤᠳᠠᠭ᠎ᠠ ᠶᠢᠨ ᠱᠠᠯᠠᠪᠳᠠᠭᠤᠯᠤᠨ ᠵᠢᠯᠣᠭᠤᠳᠴᠤ ᠬᠠᠪᠰᠤᠷᠤᠨ ᠲᠡᠳᠬᠦᠵᠦ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ︽ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号