ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/24
    ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠴᠡᠭᠴᠡᠯᠡᠨ ᠵᠠᠰᠠᠬᠤ᠂ ᠪᠠᠶᠢᠩᠭᠤᠵᠢᠭᠤᠯᠤᠨ ᠬᠢᠨᠠᠨ ᠵᠢᠯᠣᠭᠤᠳᠬᠤ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃    ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠢᠶᠠᠷ ᠭᠤᠤᠯᠳᠠᠯᠭ᠎ᠠ ᠪᠣᠯᠭᠠᠵᠤ᠂ ︽ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠠᠮᠤᠷ ᠲᠦᠪᠰᠢᠨ᠂ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭᠠᠨ ᠤ ᠵᠢᠷᠤᠮᠵᠢᠯ︾ ᠭᠡᠬᠦ ᠭᠤᠷᠪᠠᠨ ᠶᠡᠭᠡ ᠭᠤᠤᠯᠳᠠᠯᠭ᠎ᠠ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠪᠡ᠃ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠦᠨᠡᠮᠯᠡᠯ ᠨᠢ ᠪᠦᠲᠦᠮᠵᠢᠲᠡᠶ ᠪᠠᠶᠢᠬᠤ ᠡᠰᠡᠬᠦ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠢᠳᠡᠭᠡᠨ ᠤ ᠵᠠᠭᠪᠤᠷ ᠦᠯᠡᠳᠡᠭᠡᠭᠰᠡᠨ ᠨᠢ ᠵᠢᠷᠤᠮᠵᠢᠭᠰᠠᠨ ᠡᠰᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠠᠷᠢᠭᠤᠳᠬᠠᠬᠤ ᠵᠡᠷᠭᠡ ᠭᠤᠭᠴᠤᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠠᠭᠰᠠᠨ᠂ ︽ᠭᠤᠷᠪᠠ ᠦᠭᠡᠶ︾ ᠢᠳᠡᠭᠡᠨ ᠤᠮᠳᠠᠭᠠᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ︽ᠡᠳᠦᠷ ᠤᠨ ᠬᠠᠮᠢᠶᠠᠷᠤᠨ ᠡᠵᠡᠮᠳᠡᠬᠦ᠂ ᠭᠠᠷᠠᠭ ᠤᠨ ᠵᠢᠭᠰᠠᠭᠠᠨ ᠪᠠᠶᠢᠴᠠᠭᠠᠬᠤ᠂ ᠰᠠᠷ᠎ᠠ ᠶᠢᠨ ᠲᠣᠬᠢᠷᠠᠭᠤᠯᠬᠤ︾ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠨᠢᠭᠡᠨᠲᠡ 44 ᠰᠤᠷᠭᠠᠭᠤᠯᠢ ᠶᠢᠨ ᠬᠤᠭᠤᠯᠠᠨ ᠬᠡᠷ ᠪᠠᠶᠢᠴᠠᠭᠠᠵᠤ᠂ ᠰᠤᠷᠭᠠᠭᠤᠯᠢ ᠶᠢᠨ ᠬᠤᠭᠤᠯᠠᠨ ᠬᠡᠷ ᠲᠤ ᠣᠷᠣᠰᠢᠵᠤ ᠪᠠᠶᠢᠭ᠎ᠠ ᠠᠵᠢᠯᠯᠠᠬᠤ ᠶᠠᠪᠤᠴᠠ ᠨᠢ ᠵᠢᠷᠤᠮᠵᠢᠯ ᠥᠬᠡᠶ᠂ ᠥᠪᠡᠰᠦᠪᠡᠨ ᠪᠠᠶᠢᠴᠠᠭᠠᠭᠰᠠᠨ ᠲᠡᠮᠳᠡᠭᠯᠡᠯ ᠨᠢ ᠪᠦᠷᠢᠨ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠴᠤ ᠴᠡᠭᠴᠡᠯᠡᠨ ᠰᠠᠶᠢᠵᠢᠷᠠᠭᠤᠯᠵᠤ᠂ ᠨᠡᠶᠢᠲᠡ 70 ᠭᠠᠷᠤᠶ ᠠᠰᠠᠭᠤᠳᠠᠯ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠰᠤᠷᠭᠠᠭᠤᠯᠢ ᠶᠢᠨ ᠬᠤᠭᠤᠯᠠᠨ ᠬᠡᠷ ᠤᠨ ᠬᠠᠷᠢᠭᠤᠴᠠᠯᠭᠠᠲᠠᠨ ᠪᠠ ᠠᠵᠢᠯᠯᠠᠵᠤ ᠪᠠᠶᠢᠭ᠎ᠠ ᠬᠥᠮᠦᠰ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠷᠭᠢᠵᠦ ᠪᠠᠶᠢᠴᠠᠭᠠᠬᠤ ᠪᠠᠶᠢᠴᠠᠭᠠᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号