ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 24 ᠤ ᠡᠳᠦᠷ᠂ ᠲᠠᠶᠢᠭ᠎ᠠ | ᠮᠣᠳᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠼᠦᠢ ᠵᠢᠶᠠᠨ ᠪᠥᠬᠦ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠶᠢᠨ ᠳᠠᠷᠤᠭ᠎ᠠ ᠸᠠᠩ ᠯᠸᠢ ᠵᠢᠴᠢ ᠪᠥᠬᠦ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠵᠠᠶ᠃ | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠼᠦᠢ | ᠵᠢᠶᠠᠨ ᠡᠯ᠎ᠡ ᠳᠤᠮᠳᠠ ᠠᠩᠭᠢ ᠶᠢᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠨᠠᠷᠢᠨ ᠬᠢᠨᠠᠮᠠᠭᠠᠶ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠡᠯ᠎ᠡ ᠳᠤᠮᠳᠠ ᠠᠩᠭᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠤᠨ ᠳᠤᠮᠳᠠᠬᠢ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠢᠴᠢ | ᠣᠯᠤᠭᠰᠠᠨ ᠦᠷ᠎ᠡ ᠪᠦᠲᠦᠮᠵᠢ ᠶᠢ ᠭᠦᠨᠵᠡᠭᠡᠶ ᠣᠶᠢᠯᠠᠭᠠᠭᠰᠠᠨ ᠪᠥᠭᠡᠳ ᠲᠠᠷᠠᠭᠠᠴᠢ ᠶᠢᠨ ᠱᠠᠲᠤᠨ ᠤ | ᠭᠤᠤᠯᠳᠠᠯᠭ᠎ᠠ ᠲᠠᠢ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠨᠢᠭᠡ ᠳᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠬᠢᠷᠢ ᠲᠦᠪᠰᠢᠨ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ | ᠬᠡᠷᠡᠭᠵᠢᠭᠦᠯᠬᠦ ᠭᠡᠰᠢᠭᠦᠨ ᠨᠢᠭᠡᠪᠦᠷᠢ ᠴᠥᠮ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ | ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠬᠠᠤᠯᠢ ᠬᠡᠷᠡᠭᠵᠢᠭᠦᠯᠬᠦ ᠶᠠᠪᠤᠴᠠ ᠳᠠᠬᠢ ᠬᠦᠴᠢᠷ ᠠᠰᠠᠭᠤᠳᠠᠯ ᠪᠣᠯᠤᠨ ᠠᠰᠠᠭᠤᠳᠠᠯ ᠢ ᠬᠠᠮᠲᠤᠪᠠᠷ ᠠᠷᠭᠠᠴᠠᠬᠤ ᠬᠡᠷᠡᠭᠲᠡᠢ | ᠃ ᠭᠤᠷᠪᠠ ᠳᠤ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠪᠠ ᠬᠠᠲᠠᠭᠤ ᠬᠠᠮᠢᠶᠠᠷᠤᠯᠲᠠ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ | ᠪᠦᠲᠦᠮᠵᠢᠲᠡᠢ ᠬᠤᠷᠢᠭᠯᠠᠨ ᠵᠣᠭᠰᠣᠭᠠᠬᠤ ᠶᠢ ᠪᠠᠲᠤᠯᠠᠬᠤ ᠬᠡᠷᠡᠭᠲᠡᠢ᠃ |