︽ᠬᠥᠬᠡᠬᠤᠲᠠ ᠶᠢᠨ 2025 ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠥᠰᠦᠯ︾ | ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 3 ᠰᠠᠷ᠎ᠠ ᠶᠢᠨ 20 - 21 ᠤ ᠡᠳᠦᠷ᠂ ᠲᠦᠮᠡᠳ ᠵᠡᠭᠦᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠰᠢᠯᠭᠠᠬᠤ | ᠲᠥᠪ ᠲᠠᠢ ᠬᠠᠮᠵᠢᠯᠴᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ | ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠶᠢᠨ ᠪᠦᠷᠬᠦᠭᠰᠡᠨ ᠿᠢ ᠰᠢᠨ ᠨᠢᠲᠤᠯᠬᠤ ᠲᠠᠯᠠᠪᠠᠶ᠂ ᠢᠦᠶ ᠱᠧᠩ | ᠲᠠᠬᠢᠶᠠᠨ ᠲᠠᠯᠠᠪᠠᠶ᠂ ᠵᠧᠤ ᠶᠠᠨ ᠯᠦᠩ ︵ᠪᠣᠳᠠᠭ᠎ᠠ︶᠂ ᠰᠢᠤᠸᠠᠢ ᠷᠦᠢ ᠬᠤᠸᠠ ︵ᠪᠣᠳᠠᠭ᠎ᠠ︶᠂ ᠱᠧᠨ ᠢᠦᠶ | ᠵᠢᠶᠦ᠋ᠨ ︵ᠪᠣᠳᠠᠭ᠎ᠠ︶᠂ ᠯᠦᠩ ᠹᠸᠢ ᠭᠠᠭ᠋ᠠᠶ ᠨᠢᠲᠤᠯᠵᠤ ᠡᠳ᠋ᠰᠢᠭᠦᠯᠬᠦ ᠬᠢᠵᠠᠭᠠᠷᠲᠤ ᠺᠣᠮᠫᠠᠨᠢ ᠵᠡᠷᠭᠡ 6 ᠭᠤᠤᠯ | ᠴᠣᠭᠴᠠ ᠪᠠᠶᠢᠵᠤ᠂ ᠭᠠᠭ᠋ᠠᠶ ᠶᠢᠨ ᠮᠢᠬ᠎ᠠ᠂ ᠭᠠᠭ᠋ᠠᠶ ᠶᠢᠨ ᠡᠯᠢᠭᠡ᠂ ᠲᠠᠬᠢᠶᠠᠨ ᠥᠨᠳᠡᠭᠡ᠂ ᠥᠷᠭᠡᠰᠦᠲᠦ ᠬᠡᠮᠬᠡ᠂ | ᠢᠩᠲᠤᠤᠷ᠂ ᠮᠥᠭᠦ᠂ ᠲᠥᠪᠡᠳ ᠬᠠᠰᠢ᠂ ᠭᠦᠵᠡᠯᠵᠡᠭᠡᠨ᠎ᠡ ᠵᠡᠷᠭᠡ 14 ᠪᠦᠯᠦᠭ ᠤᠳᠠᠭ᠎ᠠ ᠶᠢᠨ ᠥᠯᠢᠭᠡᠷ ᠡᠳ᠋ ᠢ | ᠪᠠᠭᠲᠠᠭᠠᠨ᠎ᠠ᠃ ᠪᠦᠬᠦ᠋ᠢᠯᠡ ᠰᠤᠭᠤᠴᠢᠨ ᠪᠠᠶᠢᠴᠠᠭᠠᠬᠤ ᠶᠠᠪᠤᠴᠠ ᠳᠤ᠂ ᠥᠯᠢᠭᠡᠷ ᠠᠪᠬᠤ ᠠᠵᠢᠯᠲᠠᠳ ᠲᠠᠰ | ᠳᠠᠷᠠᠭᠠᠯᠠᠯ ᠢ ᠴᠢᠩᠭ᠎ᠠ ᠵᠢᠷᠤᠮᠯᠠᠨ ᠥᠯᠢᠭᠡᠷ ᠠᠪᠬᠤ᠂ ᠪᠢᠲᠡᠭᠦᠮᠵᠢᠯᠡᠨ ᠬᠠᠳᠠᠭᠠᠯᠠᠬᠤ᠂ ᠳᠠᠩᠰᠠᠯᠠᠬᠤ ᠵᠡᠷᠭᠡ ᠠᠵᠢᠯ ᠢ | ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠪᠥᠬᠦ ᠶᠠᠪᠤᠴᠠ ᠳᠤ ᠬᠢᠨᠠᠯᠲᠠ ᠲᠠᠯᠪᠢᠵᠤ ᠲᠡᠮᠳᠡᠭᠯᠡᠬᠦ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠦᠷᠭᠦᠯᠵᠢᠯᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠥᠯᠢᠭᠡᠷ ᠠᠪᠬᠤ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠳᠡᠭᠡᠳᠦ ᠱᠠᠲᠤᠨ ᠤ ᠥᠯᠢᠭᠡᠷ ᠠᠪᠬᠤ ᠡᠭᠦᠷᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠪᠠᠶᠢᠴᠠᠭᠠᠬᠤ ᠬᠡᠪᠴᠢᠶ᠎ᠡ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠬᠦ ᠶᠢᠨ ᠬᠠᠮᠲᠤ | ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠷᠰᠢᠶ᠎ᠠ ᠵᠡᠷᠭᠡ ᠶᠢ ᠵᠢᠯᠣᠭᠤᠳᠤᠨ ᠮᠠᠯ ᠤᠨ ᠡᠮ ᠤᠨ ᠵᠦᠢᠯ ᠢ ᠵᠦᠶ | ᠵᠣᠬᠢᠰᠲᠠᠶ ᠬᠡᠷᠡᠭᠯᠡᠵᠦ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠴᠠᠭᠠᠵᠠ ᠶᠢᠨ | ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠬᠠᠮᠠᠭᠠᠯᠠᠨ᠎ᠠ᠃ |