ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ ᠤᠨ ᠠᠵᠢᠯ ᠤᠨ ᠮᠡᠳᠡᠬᠦ | ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠥᠪᠡᠰᠦᠪᠡᠨ ᠭᠡᠷᠡᠴᠢᠯᠡᠬᠦ ᠤᠬᠠᠮᠰᠠᠷ ᠢ | ᠴᠢᠩᠭᠠᠷᠠᠭᠤᠯᠤᠨ᠂ ᠣᠯᠭᠤᠮᠵᠢ ᠠᠪᠬᠤ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 25 ᠤ | ᠡᠳᠦᠷ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ | ᠬᠢᠷᠢ ᠬᠡᠮ ᠤᠨ ᠭᠡᠷᠡᠴᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠵᠣᠷᠢᠯᠭ᠎ᠠ ᠨᠢ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠬᠢᠷᠢ ᠬᠡᠮ ᠢ ᠭᠡᠷᠡᠴᠢᠯᠡᠵᠦ ᠴᠤᠭᠯᠠᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ ᠪᠠ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠨᠢᠭᠡᠪᠦᠷᠢ ᠳᠤ ᠴᠥᠮ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ᠂ ᠣᠨᠣᠪᠴᠢᠲᠠᠶ ᠣᠶᠢᠯᠠᠭᠠᠭᠤᠯᠬᠤ ᠶᠢᠨ ᠬᠠᠮᠲᠤ | ᠬᠢᠷᠢ ᠬᠡᠮ ᠤᠨ ᠭᠡᠷᠡᠴᠢᠯᠡᠭᠡ ᠶᠢ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ | ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠶᠢᠨ ᠲᠥᠯᠥᠭᠡ ᠶᠤᠮ᠃ ᠰᠦᠯᠵᠢᠶᠡᠨ ᠳᠡᠭᠡᠷ᠎ᠡ᠂ ᠸᠢᠴᠠᠲ ᠤᠨ | ᠴᠤᠭᠯᠠᠷᠠᠯ᠂ ᠨᠠᠶᠢᠵᠠ ᠶᠢᠨ ᠲᠣᠭᠤᠷᠢᠭ᠂ ᠣᠬᠤᠷ ᠮᠡᠳᠡᠭᠡ ᠪᠠᠷ ᠰᠠᠨᠠᠭᠤᠯᠬᠤ ᠵᠡᠷᠭᠡ ᠤᠯᠠᠨ ᠵᠦᠢᠯ ᠤᠨ ᠠᠷᠭ᠎ᠠ | ᠬᠡᠯᠪᠡᠷᠢ ᠪᠠᠷ ᠭᠡᠷᠡᠴᠢᠯᠡᠯ ᠤᠨ ᠬᠠᠮᠢᠶ᠎ᠠ ᠪᠦᠬᠦᠢ ᠠᠭᠤᠯᠭ᠎ᠠ ᠶᠢ ᠨᠡᠶᠢᠲᠡᠯᠡᠵᠦ᠂ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠪᠡ᠃ ᠰᠦᠯᠵᠢᠶᠡᠨ ᠠᠴᠠ ᠭᠠᠳᠠᠨ᠎ᠠ᠂ ᠠᠵᠢᠯᠲᠠᠳ ᠨᠠᠰᠤᠲᠠᠨ ᠢ ᠠᠰᠠᠷᠠᠬᠤ ᠬᠦᠷᠢᠶᠡᠯᠡᠩ ᠪᠠ | ᠨᠡᠶᠢᠭᠡᠮ ᠲᠣᠭᠤᠷᠢᠭ ᠲᠤ ᠬᠦᠷᠴᠦ᠂ ᠭᠡᠷᠡᠴᠢᠯᠡᠬᠦ ᠴᠠᠭ᠂ ᠠᠷᠭ᠎ᠠ ᠮᠠᠶ᠋ᠢᠭ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ | ᠨᠢᠭᠤᠷᠲᠠᠨ ᠲᠣᠳᠣᠷᠬᠠᠶᠢᠯᠠᠵᠤ᠂ ᠭᠠᠷ ᠲᠠᠭᠠᠨ ᠵᠢᠭᠠᠵᠤ ᠨᠠᠰᠤᠲᠠᠳ ᠲᠤ ᠬᠢᠷᠢ ᠬᠡᠮ ᠤᠨ ᠭᠡᠷᠡᠴᠢᠯᠡᠭᠡ ᠬᠢᠯᠭᠡᠵᠦ᠂ | ᠨᠥᠬᠦᠴᠡᠯ ᠳᠤ ᠨᠡᠶᠢᠴᠡᠬᠦ ᠨᠠᠰᠤᠲᠠᠨ ᠨᠢᠭᠡᠪᠦᠷᠢ ᠴᠥᠮ ᠭᠡᠷᠡᠴᠢᠯᠡᠯ ᠤᠨ ᠶᠠᠪᠤᠴᠠ ᠶᠢ ᠤᠷᠤᠭᠰᠢᠲᠠᠶ ᠪᠡᠶᠡᠯᠡᠭᠦᠯᠬᠦ ᠶᠢ | ᠦᠨᠡᠨ ᠬᠦ ᠪᠠᠲᠤᠯᠠᠪᠠ᠃ | ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠢᠷᠢ ᠬᠡᠮ ᠤᠨ | ᠭᠡᠷᠡᠴᠢᠯᠡᠯ ᠢ ᠴᠢᠬᠤᠯᠠᠴᠢᠯᠠᠬᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠨ | ᠯᠠᠪᠯᠠᠬᠤ ᠪᠠ ᠭᠡᠷᠡᠴᠢᠯᠡᠬᠦ ᠳᠤ ᠣᠷᠣᠯᠴᠠᠬᠤ ᠬᠥᠮᠦᠨ ᠤ ᠲᠤᠭ᠎ᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠪᠡ᠃ ᠵᠠᠯᠭᠠᠭᠠᠳ᠂ | ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠠᠩ ᠬᠥᠮᠦᠨᠴᠢᠯᠡᠭᠰᠡᠨ᠂ ᠣᠯᠠᠨ ᠶᠠᠩᠵᠤ ᠶᠢᠨ | ᠦᠢᠯᠡᠴᠢᠯᠡᠭᠡ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠭᠰᠡᠨ ᠰᠠᠭᠤᠭᠠᠯᠢ | ᠠᠷᠠᠳ ᠨᠢᠭᠡᠪᠦᠷᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ | ᠤᠯᠬᠤ ᠶᠢ ᠪᠠᠲᠤᠯᠠᠨ᠎ᠠ᠃ |