︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠸᠠᠩ ᠰᠢᠦ ᠵᠢᠤᠸᠠᠨ︶ ︽2025 ᠣᠨ ᠤ | ᠰᠤᠷᠭᠠᠨ ᠬᠥᠮᠦᠵᠢᠯ ᠤᠨ ᠣᠨᠴᠠᠭᠠᠢ ᠨᠥᠬᠦᠪᠥᠷᠢ ᠶᠢᠨ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ | ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠥᠬᠡᠬᠤᠲᠠ 2025 ᠣᠨ ᠤ ᠰᠤᠷᠭᠠᠨ | ᠬᠥᠮᠦᠵᠢᠯ ᠤᠨ ᠣᠨᠴᠠᠭᠠᠶ ᠨᠥᠬᠦᠪᠥᠷᠢ ᠶᠢᠨ ᠪᠠᠯᠠ ᠮᠥᠩᠭᠦ ᠶᠢ 241 ᠲᠦᠮᠡᠨ ᠲᠥᠭᠦᠷᠢᠭ ᠪᠠᠭᠤᠯᠭᠠᠪᠠ᠃ ᠰᠤᠷᠭᠠᠨ | ᠬᠥᠮᠦᠵᠢᠯ ᠤᠨ ᠣᠨᠴᠠᠭᠠᠢ ᠲᠤᠰᠠᠯᠠᠮᠵᠢ ᠶᠢᠨ ᠲᠤᠰᠬᠠᠶ ᠵᠦᠢᠯ ᠤᠨ ᠪᠡᠯᠡ ᠮᠥᠩᠭᠦ ᠪᠣᠯ ᠲᠥᠪ ᠪᠣᠯᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠪᠦᠬᠦ ᠣᠷᠣᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ | ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠤᠨᠴᠠᠭᠠᠢ ᠬᠦᠴᠢᠷᠳᠡᠯ ᠪᠣᠯᠤᠨ ᠳᠣᠪᠤᠶᠢᠮ᠎ᠠ ᠠᠰᠠᠭᠤᠳᠠᠯ ᠢ | ᠨᠠᠮᠳᠠᠭᠤᠯᠬᠤ ᠳᠤ ᠬᠡᠷᠡᠭᠯᠡᠬᠦ ᠪᠡᠯᠡ ᠮᠥᠩᠭᠦ ᠪᠣᠯᠤᠨ᠎ᠠ᠃ ᠡᠭᠦᠨ ᠤ ᠲᠤᠯᠠᠳᠠ᠂ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ᠂ ᠨᠢᠭᠡᠴᠢ ᠶᠢ ᠪᠠᠯᠠ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠮᠵᠢᠯᠲᠠ ᠪᠦᠲᠦᠮᠵᠢ ᠶᠢᠨ | ᠬᠠᠷᠠᠯᠲᠠᠲᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ | ᠪᠦᠲᠦᠮᠵᠢ ᠳᠤ ᠦᠨᠡᠯᠡᠯᠲᠡ ᠬᠢᠬᠦ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠪᠠᠯᠠ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ ᠢ | ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ | ᠰᠢᠢᠳᠬᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ |