3 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ | ᠬᠤᠷᠢᠶ᠎ᠠ ᠵᠢᠨᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 156 ᠳ᠋ᠤᠭᠠᠷ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠷᠦᠢ ᠾᠧᠩ | ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠳ᠋ᠦᠩᠨᠡᠯᠲᠡ ᠵᠢᠴᠢ ᠬᠤᠶᠠᠷ ᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ | ᠵᠣᠷᠢᠭ ᠰᠠᠨᠠᠭ᠎ᠠ ᠪᠠ ᠰᠦᠨ ᠱᠣᠤ ᠴᠧᠩ ᠨᠥᠬᠦᠷ ᠤᠨ ᠬᠠᠮᠢᠶ᠎ᠠ ᠪᠥᠬᠦᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 176 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ | ᠳᠠᠮᠵᠢᠭᠤᠯᠪᠠ︔ ᠬᠤᠰᠢᠭᠤᠨ ᠤ ᠨᠠᠮ ᠤᠨ ᠬᠤᠷᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠤᠨ 2024 ᠣᠨ ᠤ ᠠᠵᠢᠯ ᠤᠨ ᠪᠠᠶᠢᠳᠠᠯ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ | ᠵᠠᠰᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠡᠶ᠎ᠡ ᠪᠠᠷ ᠢᠶᠠᠨ ᠬᠡᠪ ᠲᠦᠷᠢᠮ ᠪᠣᠯᠵᠤ ᠤᠯᠤᠰ | ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠬᠦ ᠶᠢ ᠰᠠᠶᠢᠲᠤᠷ ᠠᠳᠬᠤᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠪᠣᠳᠠᠲᠠᠶ ᠠᠳᠬᠤᠬᠤ ᠬᠡᠷᠡᠭᠲᠡᠶ︔ ︽ᠰᠠᠶᠢᠨ | ᠡᠬᠢᠯᠡᠯᠲᠡ︾ ᠶᠢᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ | ᠠᠳᠬᠤᠬᠤ ᠬᠡᠷᠡᠭᠲᠡᠢ︔ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠢ ᠰᠠᠶᠢᠲᠤᠷ ᠬᠢᠵᠦ᠂ ᠬᠠᠯᠢᠭᠤ | ᠤᠰᠤᠨ ᠴᠥᠭᠦᠷᠥᠮ ᠢ ᠲᠦᠮᠡᠳ ᠵᠡᠭᠦᠨ ᠬᠤᠰᠢᠭᠤᠨ ᠤ ᠪᠠᠰᠠ ᠨᠢᠭᠡᠨ ᠰᠣᠶᠣᠯ ᠵᠢᠭᠤᠯᠴᠢᠯᠠᠯ ᠤᠨ ᠨᠡᠷ᠎ᠡ ᠶᠢᠨ | ᠬᠠᠭᠤᠳᠠᠰᠤ ᠪᠣᠯᠭᠠᠵᠤ᠂ ᠬᠠᠷ᠎ᠠ ᠤᠰᠤ ᠦᠵᠡᠮᠵᠢ ᠶᠢᠨ ᠣᠷᠣᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠴᠣᠭᠴᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠰᠢᠰᠲ᠋ᠧᠮ ᠤᠨ ᠵᠣᠬᠢᠶᠠᠮᠠᠯ | ᠣᠶᠤᠨᠴᠢ ᠪᠠᠶᠢᠳᠠᠯ ᠢ ᠬᠡᠷᠡᠭᠯᠡᠬᠦ ᠶᠢ ᠠᠬᠢᠭᠤᠯᠵᠤ᠂ ᠲᠥᠯᠥᠪᠵᠢᠭᠦᠯᠬᠦ ᠪᠠ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠬᠤᠪᠠᠭ᠋ᠠᠢ ᠮᠣᠳᠣ ᠶᠢ ᠨᠥᠬᠦᠵᠦ ᠲᠠᠷᠢᠬᠤ ᠪᠠ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ | ᠴᠧᠨ ᠰᠢ ᠯᠧ ᠵᠢᠴᠢ ᠬᠠᠮᠢᠶ᠎ᠠ ᠪᠦᠬᠦᠢ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ | ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |