ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ | ᠂ ᠲᠦᠮᠡᠳ ᠵᠡᠭᠦᠨ ᠬᠤᠰᠢᠭᠤᠨ ᠤ ᠬᠤᠤᠷ ᠴᠠᠭᠠᠵᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠡᠪᠯᠡᠯ ᠤᠨ ᠬᠤᠷᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ | ᠬᠠᠮᠲᠤᠷᠠᠨ ᠴᠠᠭᠠᠰᠤᠴᠢ ᠪᠠᠯᠭᠠᠰᠤᠨ ᠤ ᠤᠤᠯ ᠤᠨ ᠵᠠᠰᠠᠭ ᠤᠨ ᠣᠷᠳᠣᠨ ᠤ ᠲᠠᠯᠠᠪᠠᠶ ᠳᠤ ︽ᠡᠷᠡᠭᠦᠯ ᠴᠢᠭᠢᠷᠠᠭ | ᠬᠥᠮᠦᠨ ᠤ ᠠᠮᠢᠳᠤᠷᠠᠯ ᠤᠨ ᠬᠤᠤᠷ ᠥᠬᠡᠶ ᠬᠡᠷ ᠣᠷᠣᠨ︾ ᠤ ᠭᠤᠤᠯ ᠰᠡᠳᠦᠪᠲᠦ ᠲᠥᠪᠯᠡᠷᠡᠩᠭᠦᠶ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠷᠠᠳ ᠤᠨ ᠲᠤᠰᠠᠯᠠᠬᠤ ᠴᠠᠭᠳᠠᠭ᠎ᠠ ᠬᠤᠤᠷᠲᠤ ᠡᠳ᠋ ᠢ | ᠴᠠᠭᠠᠵᠠᠯᠠᠬᠤ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ | ᠵᠠᠷᠯᠠᠯ ᠨᠠᠭᠠᠬᠤ᠂ ᠤᠬᠠᠭᠤᠯᠭ᠎ᠠ ᠶᠢᠨ ᠰᠠᠮᠪᠠᠷ᠎ᠠ ᠶᠢᠨ ᠦᠵᠡᠭᠦᠯᠭᠡ ᠶᠢᠨ ᠲᠠᠪᠴᠠᠩ ᠢ ᠳᠡᠯᠭᠡᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠳᠠᠭᠤᠷᠢᠶᠠᠮᠠᠯ ᠬᠤᠤᠷᠲᠤ ᠡᠳ᠋ ᠤᠨ ᠥᠯᠢᠭᠡᠷ ᠡᠳ᠋ ᠢ ᠲᠠᠯᠪᠢᠬᠤ᠂ ᠬᠤᠤᠷᠲᠤ ᠡᠳ᠋ ᠲᠤ | ᠬᠤᠯᠪᠣᠭᠳᠠᠭᠰᠠᠨ ᠬᠡᠷᠡᠭ ᠢ ᠢᠯᠡᠷᠡᠭᠦᠯᠬᠦ ᠪᠠᠷ ᠲᠦᠰᠢᠭ ᠪᠣᠯᠭᠠᠵᠤ᠂ ᠥᠷᠭᠡᠨ ᠣᠯᠠᠨ ᠠᠷᠠᠳ ᠲᠦᠮᠡᠨ ᠳᠤ ᠬᠤᠤᠷᠲᠤ | ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠡᠰᠡᠷᠭᠦᠴᠡᠬᠦ ᠠᠷᠭ᠎ᠠ ᠪᠠ ᠬᠤᠤᠷᠲᠤ ᠡᠳ᠋ ᠤᠨ | ᠬᠤᠤᠷ ᠬᠥᠨᠥᠭᠡᠯᠲᠦ ᠴᠢᠨᠠᠷ ᠢ ᠤᠬᠠᠭᠤᠯᠤᠨ ᠲᠠᠶᠢᠯᠪᠤᠷᠢᠯᠠᠪᠠ᠃ ᠡᠨᠡ ᠬᠤᠭᠤᠴᠠᠭᠠᠨ ᠳᠤ ᠠᠷᠠᠳ ᠤᠨ ᠴᠠᠭᠳᠠᠭ᠎ᠠ | ᠪᠠᠰᠠ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ᠂ ᠪᠣᠯᠪᠠᠰᠤᠨ ᠢᠶᠠᠷ ᠨᠣᠬᠠᠶ ᠲᠡᠵᠢᠭᠡᠬᠦ ᠵᠡᠷᠭᠡ ᠤᠬᠠᠭᠤᠯᠭ᠎ᠠ | ᠬᠢᠵᠡᠶ᠃ | ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠴᠤ᠂ ᠵᠢᠷᠤᠭ ᠤᠨ ᠰᠠᠮᠪᠠᠷ᠎ᠠ ᠶᠢ ᠨᠠᠷᠢᠨ ᠬᠢᠨᠠᠮᠠᠭᠠᠢ ᠦᠵᠡᠵᠦ᠂ ᠠᠷᠠᠳ ᠤᠨ ᠲᠤᠰᠠᠯᠠᠬᠤ | ᠴᠠᠭᠳᠠᠭ᠎ᠠ ᠲᠠᠢ ᠬᠤᠣᠷ ᠴᠠᠭᠠᠵᠠᠯᠠᠬᠤ ᠮᠡᠳᠡᠯᠭᠡ ᠶᠢ ᠰᠤᠷᠤᠯᠴᠠᠬᠤ ᠲᠦᠷᠦᠭᠳᠡᠯ ᠪᠠ ᠪᠤᠳᠤᠯ ᠢ ᠪᠠᠶᠢᠨ ᠪᠠᠶᠢᠨ ᠳᠤᠲᠠᠭᠤ | ᠶᠠᠷᠢᠵᠤ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠨᠢ ᠬᠤᠤᠷᠲᠤ ᠡᠳ᠋ ᠢ ᠴᠠᠭᠠᠵᠠᠯᠠᠬᠤ ᠠᠮᠢᠳᠤᠯᠢᠭ ᠮᠡᠳᠡᠯᠭᠡ ᠶᠢ ᠲᠦᠭᠡᠮᠡᠯᠵᠢᠭᠦᠯᠬᠦ | ᠬᠢᠴᠢᠶᠡᠯ ᠪᠣᠯᠬᠤ ᠪᠠᠷ ᠪᠠᠷᠠᠬᠤ ᠥᠬᠡᠶ᠂ ᠪᠠᠰᠠ ᠥᠷᠭᠡᠨ ᠣᠯᠠᠨ ᠲᠦᠮᠡᠨ ᠳᠤ ᠬᠤᠤᠷᠲᠤ ᠡᠳ᠋ ᠤᠨ ᠬᠤᠤᠷ | ᠬᠥᠨᠥᠭᠡᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠪᠥᠬᠦ ᠠᠷᠠᠳ ᠢᠶᠠᠷ ᠢᠶᠠᠨ ᠬᠤᠤᠷᠲᠤ ᠡᠳ᠋ ᠢ ᠴᠠᠭᠠᠵᠠᠯᠠᠬᠤ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠤᠬᠠᠮᠰᠠᠷ ᠢ ᠨᠡᠮᠡᠭᠳᠡᠭᠦᠯᠵᠡᠶ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠦᠷᠭᠦᠯᠵᠢᠯᠡᠨ ᠳᠣᠲᠣᠭᠠᠳᠤ ᠶᠢ ᠬᠠᠮᠠᠭᠠᠯᠠᠬᠤ ᠠᠵᠢᠯ ᠤᠨ ᠭᠤᠤᠯ ᠡᠭᠦᠷᠭᠡ ᠪᠣᠯᠤᠨ ᠠᠵᠢᠯ ᠤᠨ ᠭᠤᠤᠯᠳᠠᠯᠭ᠎ᠠ ᠶᠢᠨ | ᠲᠣᠭᠤᠷᠢᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ | ᠪᠠᠳᠠᠷᠠᠭᠤᠯᠵᠤ᠂ ᠴᠣᠬᠢᠯᠲᠠ ᠥᠭᠬᠦ ᠰᠡᠷᠭᠡᠶᠢᠯᠡᠬᠦ ᠶᠢ ᠵᠡᠷᠭᠡ ᠪᠠᠷ ᠠᠳᠬᠤᠵᠤ᠂ ᠬᠤᠤᠷᠲᠤ ᠡᠳ᠋ ᠢ ᠴᠠᠭᠠᠵᠠᠯᠠᠬᠤ ᠦᠷ᠎ᠡ | ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠬᠤᠤᠷᠲᠤ ᠡᠳ᠋ ᠲᠤ ᠬᠤᠯᠪᠣᠭᠳᠠᠭᠰᠠᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠭᠦᠰᠦᠭᠰᠡᠨ ᠬᠥᠷᠥᠰᠥ ᠰᠢᠷᠣᠶ ᠶᠢ ᠴᠡᠪᠡᠷᠰᠢᠭᠦᠯᠵᠦ᠂ ᠠᠷᠠᠳ | ᠣᠯᠠᠨ ᠳᠤ ᠡᠷᠡᠭᠦᠯ ᠴᠢᠭᠢᠷᠠᠭ ᠬᠤᠤᠷ ᠥᠬᠡᠶ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ ᠡᠭᠦᠨ ᠤ ᠬᠠᠮᠲᠤ᠂ ᠪᠥᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠬᠦᠴᠦᠨ ᠴᠢᠳᠠᠯ ᠢᠶᠠᠨ ᠦᠨᠡᠨ ᠬᠦ ᠴᠢᠷᠮᠠᠶᠢᠨ ᠡᠷᠭᠦᠬᠦ ᠬᠡᠷᠡᠭᠲᠡᠶ᠃ |