ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠭᠰᠡᠨ ᠠᠯᠪᠠᠨ ᠭᠡᠷ 2025 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
    2024 ᠣᠨ ᠤ ᠠᠵᠢᠯ ᠢ ᠳ᠋ᠦᠩᠨᠡᠵᠦ᠂ 2025 ᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠶᠢᠨ ᠲᠥᠯᠥᠭᠡ᠂ 3 ᠰᠠᠷ᠎ᠠ ᠶᠢᠨ 26 ᠤ ᠡᠳᠦᠷ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠭᠰᠡᠨ ᠠᠯᠪᠠᠨ ᠬᠡᠷ 2025 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠬᠤᠷᠢᠶᠠᠨ ᠳᠠᠷᠤᠭ᠎ᠠ ᠶᠦᠨ ᠵᠢᠶᠦ᠋ᠨ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶᠢᠯᠡᠭᠰᠡᠨ ᠠᠯᠪᠠᠨ ᠬᠡᠷ ᠤᠨ ᠡᠷᠬᠢᠯᠡᠭᠴᠢ ᠸᠠᠩ ᠳ᠋ᠦᠩ ᠳ᠋ᠦᠩ ᠬᠤᠷᠠᠯ ᠢ ᠡᠷᠭᠢᠯᠡᠵᠦ᠂ ᠠᠯᠪᠠᠨ ᠬᠡᠷ ᠤᠨ ᠪᠥᠬᠦ ᠺᠠᠳ᠋ᠷ ᠴᠠᠭᠳᠠᠭ᠎ᠠ ᠨᠠᠷ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠶᠡᠷᠦᠩᠬᠡᠶᠢᠯᠡᠭᠰᠡᠨ ᠠᠯᠪᠠᠨ ᠬᠡᠷ ᠤᠨ ᠳᠡᠳ᠋ ᠡᠷᠬᠢᠯᠡᠭᠴᠢ ᠯᠢᠦᠶ ᠯᠢ ᠨᠠ᠂ ᠳᠡᠳ᠋ ᠡᠷᠬᠢᠯᠡᠭᠴᠢ ᠶᠦᠨ ᠯᠢ ᠵᠢᠤᠸᠠᠨ ᠲᠣᠰ ᠲᠣᠰ ᠨᠠᠷᠢᠨ ᠪᠢᠴᠢᠭᠡᠴᠢ ᠶᠢᠨ ᠬᠤᠷᠠᠯ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠵᠡᠷᠭᠡ ᠲᠠᠯ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠸᠠᠩ ᠳ᠋ᠦᠩ ᠳ᠋ᠦᠩ ᠡᠷᠬᠢᠯᠡᠭᠴᠢ ᠥᠩᠭᠡᠷᠡᠭᠰᠡᠨ ᠨᠢᠭᠡ ᠵᠢᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠳ᠋ᠦᠩᠨᠡᠨ ᠵᠠᠳᠠᠯᠵᠤ᠂ 2025 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠶᠦᠨ ᠵᠢᠶᠦ᠋ᠨ ᠹᠧᠩ ᠳᠡᠳ᠋ ᠬᠤᠷᠢᠶᠠᠨ ᠳᠠᠷᠤᠭ᠎ᠠ ᠶᠡᠷᠦᠩᠬᠡᠶᠢᠯᠡᠭᠰᠡᠨ ᠠᠯᠪᠠᠨ ᠬᠡᠷ ᠤᠨ ᠨᠢᠭᠡ ᠵᠢᠯ ᠤᠨ ᠲᠤᠷᠰᠢᠬᠢ ᠠᠵᠢᠯ ᠤᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ 2025 ᠣᠨ ᠤ ᠠᠵᠢᠯ ᠢ ᠰᠢᠭᠦᠬᠦ ᠶᠠᠪᠤᠳᠠᠯ᠂ ᠤᠴᠢᠷ ᠶᠠᠪᠤᠳᠠᠯ ᠬᠤᠶᠠᠷ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃    ᠨᠢᠭᠡ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠢ ᠲᠣᠳᠣᠷᠬᠠᠶᠢᠯᠠᠵᠤ᠂ ᠰᠢᠭᠦᠬᠦ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠠᠵᠢᠯᠯᠠᠭᠠᠨ ᠢ ᠪᠠᠲᠤᠯᠠᠬᠤ ᠬᠡᠷᠡᠭᠲᠡᠢ᠃ ᠠᠯᠪᠠᠨ ᠭᠡᠷ ᠪᠣᠯ ᠰᠢᠭᠦᠬᠦ ᠬᠤᠷᠢᠶᠠᠨ ᠤ ᠠᠵᠢᠯᠯᠠᠭᠠᠨ ᠤ ︽ᠲᠥᠪ ᠮᠡᠳᠡᠷᠡᠯ︾ ᠪᠣᠯᠬᠤ ᠶᠢ ᠭᠦᠢᠴᠡᠳ ᠲᠠᠨᠢᠵᠤ᠂ ᠠᠵᠢᠯ ᠤᠨ ᠭᠤᠣᠯᠳᠠᠯᠭ᠎ᠠ ᠪᠠᠨ ᠰᠢᠭᠦᠬᠦ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠳᠤ ᠦᠨᠡᠨᠬᠦ ᠲᠠᠯᠪᠢᠵᠤ᠂ ᠡᠳ᠋ ᠤᠨ ᠶᠠᠪᠤᠳᠠᠯ ᠤᠨ ᠳᠠᠩᠰᠠ ᠲᠠᠶᠢᠯᠬᠤ ᠳᠦᠷᠢᠮ ᠢ ᠤᠯᠠᠮ ᠨᠢᠭᠡ ᠠᠯᠬᠤᠮ ᠴᠢᠩᠳᠠᠯᠠᠵᠤ᠂ ᠰᠢᠭᠦᠨ ᠲᠠᠰᠤᠯᠤᠯᠲᠠ ᠳᠤ ᠬᠡᠷᠡᠭᠰᠡᠬᠦ ᠡᠳ᠋ ᠪᠠᠷᠠᠭ᠎ᠠ ᠬᠤᠳᠠᠯᠳᠤᠨ ᠠᠪᠬᠤ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠪᠠᠶᠢᠭᠤᠯᠤᠯᠭ᠎ᠠ ᠶᠢᠨ ᠡᠮᠬᠢ ᠵᠢᠷᠤᠮ ᠲᠠᠢ ᠠᠵᠢᠯᠯᠠᠭᠠᠨ ᠳᠤ ᠯᠠᠪᠳᠠᠭᠤᠨ ᠪᠠᠲᠤᠲᠠᠶ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ᠃    ᠬᠤᠶᠠᠷ ᠲᠤ᠂ ᠠᠵᠢᠯ ᠤᠨ ᠲᠤᠰᠤᠯᠳᠠ ᠪᠠᠨ ᠨᠠᠷᠢᠯᠢᠭᠵᠢᠭᠤᠯᠵᠤ᠂ ᠠᠵᠢᠯ ᠤᠨ ᠴᠢᠩᠭ᠎ᠠ ᠨᠢᠮᠪᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠡᠭᠦᠷᠭᠡ ᠳᠤ ᠨᠠᠷᠢᠨ ᠨᠢᠮᠪᠠᠶ ᠣᠪᠣᠷ ᠢ ᠪᠠᠷᠢᠮᠲᠠᠯᠠᠨ ᠬᠠᠨᠳᠤᠵᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦ᠂ ᠪᠢᠴᠢᠭ ᠮᠠᠲ᠋ᠧᠷᠢᠶᠠᠯ ᠬᠦᠢᠴᠡᠳᠬᠡᠵᠦ ᠬᠤᠷᠠᠯ ᠡᠷᠭᠢᠯᠡᠬᠦ᠂ ᠰᠦᠯᠵᠢᠶᠡᠨ ᠤ ᠮᠡᠷᠭᠡᠵᠢᠯ᠂ ᠰᠢᠷᠪᠢᠯᠲᠡ ᠬᠢᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠤᠯᠢ ᠴᠠᠭᠠᠵᠠ ᠶᠢᠨ ᠵᠠᠰᠠᠭ ᠤᠨ ᠶᠠᠪᠤᠳᠠᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠨᠠᠷᠢᠨ ᠨᠢᠮᠪᠠᠶ ᠭᠠᠷᠳᠠᠨ ᠬᠢᠬᠦ᠂ ᠪᠣᠳᠠᠲᠠᠶ ᠬᠦᠴᠦᠯᠡᠬᠦ᠂ ᠴᠢᠩᠭ᠎ᠠ ᠰᠢᠳᠬᠡᠵᠦ ᠦᠷ᠎ᠡ ᠪᠦᠲᠦᠮᠵᠢ ᠤᠯᠬᠤ ᠶᠢ ᠦᠨᠡᠨ ᠬᠦ ᠪᠡᠶᠡᠯᠡᠭᠦᠯᠵᠦ᠂ ᠨᠠᠷᠢᠯᠢᠬᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠢᠮᠠᠭᠲᠠ ᠲᠤᠤᠱᠯᠠᠭᠤᠯᠪᠠ᠃
 
ᠢᠷᠡᠯᠲᠡ᠄ ᠠᠷᠠᠳ ᠤᠨ ᠰᠢᠭᠦᠬᠦ ᠬᠤᠷᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号