ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠨᠡᠶᠢᠭᠡᠮ ᠲᠣᠭᠤᠷᠢᠭ ᠤᠨ ᠵᠡᠮᠳᠡᠭᠴᠦᠳ ᠤᠨ ᠰᠣᠶᠣᠯ ᠤᠨ ᠠᠵᠢᠯ ᠢ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/27
    ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠤ ᠳᠠᠯᠳᠠ ᠴᠢᠳᠠᠪᠤᠷᠢ ᠶᠢ ᠭᠦᠨᠵᠡᠭᠡᠶ ᠠᠭᠤᠳᠠᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠰᠣᠶᠣᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠂ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 26 ᠤ ᠡᠳᠦᠷ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠴᠢᠤᠸᠠᠨ ᠱᠧᠩ ᠵᠠᠮ ᠤᠨ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭ᠎ᠠ ᠶᠢᠨ ᠲᠥᠪ ᠲᠤ ᠭᠦᠨᠵᠡᠭᠡᠶᠢᠷᠡᠵᠦ᠂ ᠵᠡᠮᠳᠡᠭᠴᠦᠳ ᠤᠨ ᠰᠣᠶᠣᠯ ᠤᠨ ᠠᠵᠢᠯ ᠢ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠨ ᠰᠤᠳᠤᠯᠬᠤ ᠠᠵᠢᠯᠯᠠᠭ᠎ᠠ ᠶᠢᠨ ᠵᠣᠷᠢᠯᠭ᠎ᠠ ᠨᠢ ᠰᠢᠯᠢᠳᠡᠭ ᠵᠡᠮᠳᠡᠭ ᠴᠢᠳᠠᠪᠤᠷᠢᠲᠠᠨ ᠢ ᠤᠶᠢᠯᠠᠭᠠᠨ ᠠᠭᠤᠳᠠᠯᠵᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠰᠣᠶᠣᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠨᠡᠶᠢᠭᠡᠮ ᠲᠣᠭᠤᠷᠢᠭ ᠤᠨ ᠰᠣᠶᠣᠯ ᠤᠨ ᠲᠥᠪ ᠤᠨ ᠰᠣᠶᠣᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠡᠯ᠎ᠡ ᠲᠥᠷᠥᠯ ᠤᠨ ᠰᠣᠶᠣᠯ ᠤᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠣᠶᠣᠯ ᠤᠨ ᠠᠵᠢᠯᠯᠠᠭᠠᠨ ᠤ ᠲᠥᠪ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠰᠣᠶᠣᠯ ᠤᠨ ᠠᠵᠢᠯ ᠤᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠬᠠᠷᠢᠭᠤᠴᠠᠯᠭᠠᠲᠠᠨ ᠣᠶᠢᠷ᠎ᠠ ᠶᠢᠨ ᠵᠢᠯ ᠤᠨ ᠲᠤᠷᠰᠢᠬᠢ ᠵᠡᠮᠳᠡᠭᠴᠦᠳ ᠢ ᠵᠣᠬᠢᠶᠠᠨ ᠪᠠᠶᠢᠭᠤᠯᠵᠤ ᠰᠣᠶᠣᠯ ᠤᠨ ᠠᠵᠢᠯᠯᠠᠭ᠎ᠠ ᠳᠤ ᠣᠷᠣᠯᠴᠠᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠨᠠᠷᠢᠨ ᠲᠠᠨᠢᠯᠴᠠᠭᠤᠯᠵᠤ᠂ ᠵᠡᠮᠳᠡᠭᠴᠦᠳ ᠤᠨ ᠪᠡᠶ᠎ᠡ ᠮᠠᠬᠠᠪᠣᠳ ᠲᠤ ᠳᠤᠲᠠᠭᠳᠠᠯ ᠲᠠᠢ ᠲᠠᠯ᠎ᠠ ᠣᠷᠣᠰᠢᠵᠤ ᠪᠠᠶᠢᠬᠤ ᠶᠢ ᠢᠯᠡᠳᠬᠡᠭᠰᠡᠨ ᠪᠣᠯᠪᠠᠴᠤ ᠲᠡᠳᠡ ᠮᠥᠨ ᠯᠡ ᠡᠷᠡᠰ ᠬᠠᠲᠠᠭᠤ ᠰᠥᠰᠥ ᠵᠣᠷᠢᠭ ᠪᠠ ᠠᠮᠢᠳᠤᠷᠠᠯ ᠤᠨ ᠲᠤᠬᠠᠶ ᠬᠠᠶᠢᠷ᠎ᠠ ᠰᠡᠳᠬᠢᠯᠭᠡ ᠪᠠᠷ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠳᠤ ᠢᠳᠡᠪᠬᠢᠲᠡᠶ ᠪᠠᠷ ᠣᠷᠣᠯᠴᠠᠨ᠎ᠠ ᠭᠡᠵᠡᠶ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠨᠢ ᠬᠤᠶᠢᠰᠢᠳᠠ ᠶᠢᠨ ᠵᠡᠮᠳᠡᠭᠴᠦᠳ ᠤᠨ ᠰᠣᠶᠣᠯ ᠤᠨ ᠠᠵᠢᠯ ᠢ ᠥᠷᠨᠢᠭᠦᠯᠬᠦ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠩ ᠣᠨᠣᠪᠴᠢᠲᠠᠢ ᠵᠡᠮᠳᠡᠭᠴᠦᠳ ᠤᠨ ᠰᠣᠶᠣᠯ ᠤᠨ ᠠᠵᠢᠯ ᠤᠨ ᠠᠷᠭ᠎ᠠ ᠪᠤᠳᠤᠯᠭ᠎ᠠ ᠲᠣᠭᠲᠠᠭᠠᠵᠤ᠂ ᠰᠢᠯᠢᠳᠡᠭ ᠵᠡᠮᠳᠡᠭ ᠴᠢᠳᠠᠪᠤᠷᠢᠲᠠᠨ ᠢ ᠠᠭᠤᠳᠠᠯᠬᠤ ᠪᠠᠨ ᠴᠢᠩᠭᠠᠳᠬᠠᠵᠤ᠂ ᠵᠡᠮᠳᠡᠭᠴᠦᠳ ᠤᠨ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠡᠮᠳᠡᠭᠴᠦᠳ ᠤᠨ ᠰᠣᠶᠣᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠢᠷᠡᠭᠡᠳᠦᠢ ᠳᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠨᠠᠮ ᠤᠨ ᠪᠠᠶᠢᠭᠤᠯᠤᠯᠲᠠ ᠪᠠᠷ ᠭᠠᠷ ᠬᠤᠯᠪᠣᠨ ᠵᠡᠮᠳᠡᠭᠴᠦᠳ ᠢ ᠳᠡᠮᠵᠢᠬᠦ︾ ᠪᠠᠷ ᠭᠠᠷᠳᠠᠴᠠ ᠪᠣᠯᠭᠠᠵᠤ᠂ ᠡᠯ᠎ᠡ ᠨᠡᠶᠢᠭᠡᠮ ᠲᠣᠭᠤᠷᠢᠭ ᠲᠠᠢ ᠨᠢᠭᠲᠠ ᠬᠠᠮᠲᠤᠷᠠᠯᠴᠠᠵᠤ᠂ ᠵᠡᠮᠳᠡᠭᠴᠦᠳ ᠤᠨ ᠰᠣᠶᠣᠯ ᠤᠨ ᠴᠢᠳᠠᠪᠤᠷᠢᠲᠠᠨ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠲᠤ ᠰᠣᠶᠣᠯ ᠤᠨ ᠠᠵᠢᠯᠯᠠᠭ᠎ᠠ ᠳᠤ ᠨᠡᠩ ᠤᠯᠠᠨ ᠣᠷᠣᠯᠴᠠᠬᠤ ᠠᠵᠠ ᠲᠣᠬᠢᠶᠠᠯ ᠬᠠᠩᠭᠠᠵᠤ᠂ ᠨᠡᠩ ᠤᠯᠠᠨ ᠵᠡᠮᠳᠡᠭᠴᠦᠳ ᠢ ᠰᠣᠶᠣᠯ ᠤᠨ ᠰᠢᠮ᠎ᠡ ᠲᠡᠵᠢᠭᠡᠯ ᠢᠶᠠᠷ ᠠᠮᠢ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢ ᠬᠠᠮᠲᠤᠪᠠᠷ ᠡᠳ᠋ᠯᠡᠭᠦᠯᠵᠦ᠂ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号