ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠵᠢᠭᠠᠰᠤ ᠴᠠᠭᠠᠵᠠᠯᠠᠬᠤ ᠬᠤᠭᠤᠴᠠᠭᠠᠨ ᠤ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/27
    ᠮᠠᠨ ᠤ ᠬᠤᠰᠢᠭᠤᠨ ᠤ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠲᠠᠢ ᠬᠠᠮᠲᠤᠷᠠᠨ ᠮᠠᠨ ᠤ ᠬᠤᠰᠢᠭᠤᠨ ᠤ ᠬᠠᠷ᠎ᠠ ᠤᠰᠤ ᠨᠠᠭᠤᠷ ᠤᠨ ᠬᠠᠷᠢᠶ᠎ᠠ ᠣᠷᠣᠨ ᠳᠤ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠵᠢᠭᠠᠰᠤ ᠴᠠᠭᠠᠵᠠᠯᠠᠬᠤ ᠬᠤᠭᠤᠴᠠᠭᠠᠨ ᠤ ᠤᠬᠠᠭᠤᠯᠭ᠎ᠠ ᠶᠢᠨ ᠠᠵᠢᠯ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠨᠢ ᠭᠤᠤᠯᠳᠠᠭᠤ ᠵᠢᠭᠠᠰᠤᠨ ᠠᠵᠤ ᠠᠬᠤᠶ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ᠂ ᠵᠢᠭᠠᠰᠤᠨ ᠣᠩᠭᠤᠴᠠ ᠶᠢᠨ ᠭᠠᠯ ᠤᠨᠲᠠᠷᠠᠭᠠᠬᠤ᠂ ᠠᠪᠤᠷᠠᠬᠤ᠂ ᠴᠢᠮᠡᠭᠡ ᠬᠤᠯᠪᠣᠭ᠎ᠠ ᠵᠡᠷᠭᠡ ᠠᠮᠤᠷ ᠲᠦᠪᠰᠢᠨ ᠤ ᠲᠥᠬᠦᠭᠡᠷᠦᠮᠵᠢ ᠵᠢᠴᠢ ᠬᠡᠷᠡᠭᠯᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ ᠢᠯᠡ ᠭᠠᠵᠠᠷ ᠲᠤ ︽2025 ᠣᠨ ᠤ ᠵᠢᠭᠠᠰᠤ ᠠᠩᠨᠠᠬᠤ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠷᠯᠠᠯ︾᠂ ︽ᠬᠠᠲᠤᠨ ᠭᠤᠤᠯ ᠤᠨ ᠵᠢᠭᠠᠰᠤ ᠠᠩᠨᠠᠬᠤ ᠴᠠᠭᠠᠵᠠᠯᠠᠬᠤ ᠬᠤᠭᠤᠴᠠᠭᠠᠨ ᠤ ᠲᠦᠷᠢᠮ ᠳᠤ ᠲᠣᠬᠢᠷᠠᠭᠤᠯᠤᠯᠲᠠ ᠬᠢᠬᠦ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ ︾ ᠢ ᠨᠠᠭᠠᠪᠠ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠵᠢᠭᠠᠰᠤᠨ ᠠᠵᠤ ᠠᠬᠤᠶ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠵᠠᠭᠤᠨ ᠤ ᠵᠠᠭᠤ ᠪᠠᠷ ᠪᠥᠷᠬᠦᠭᠦᠯᠵᠦ᠂ ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ ᠣᠯᠠᠨ ᠵᠦᠢᠯ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ ᠢᠶᠠᠷ ᠮᠠᠨ ᠤ ᠬᠤᠰᠢᠭᠤᠨ ᠤ ᠵᠢᠭᠠᠰᠤ ᠠᠩᠨᠠᠬᠤ ᠴᠠᠭᠠᠵᠠᠯᠠᠬᠤ ᠣᠷᠣᠨ ᠤ ᠵᠢᠭᠠᠰᠤ ᠠᠩᠨᠠᠬᠤ ᠴᠠᠭᠠᠵᠠᠯᠠᠬᠤ ᠬᠤᠭᠤᠴᠠᠭᠠᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠠ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号