ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ | 3 ᠰᠠᠷ᠎ᠠ ᠶᠢᠨ 26 ᠤ ᠡᠳᠦᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠵᠢᠴᠢ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ | ᠬᠤᠷᠠᠯ ᠠᠴᠠ ᠡᠩ ᠲᠡᠷᠢᠭᠦᠨ ᠳᠤ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ | ᠬᠠᠮᠲᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠡᠷᠡ ᠬᠡᠪ ᠢᠶᠠᠷ ᠨᠢ | ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ︽ᠤᠯᠠᠭᠠᠨ ᠱᠤᠭᠤᠮ ᠤᠨ ᠤᠬᠠᠮᠰᠠᠷ︾᠂ ︽ᠬᠤᠷᠢᠭ᠎ᠠ | ᠱᠤᠭᠤᠮ ᠤᠨ ᠰᠡᠳᠬᠢᠬᠦᠢ︾ ᠶᠢ ᠪᠠᠲᠤ ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠢᠨᠠᠨ | ᠵᠢᠯᠣᠭᠤᠳᠴᠤ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠬᠠᠮᠤᠭ ᠰᠡᠭᠦᠯ ᠳᠤ ᠡᠷᠬᠡᠪᠰᠢ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ | ᠬᠢᠵᠦ᠂ ᠳᠠᠯᠳᠠ ᠭᠡᠮ ᠢ ᠠᠷᠢᠯᠭᠠᠬᠤ ᠶᠢ ᠠᠳᠡᠯ ᠭᠠᠷᠬᠤ ᠠᠴᠠ ᠵᠠᠶᠢᠯᠠᠰᠬᠢᠬᠦ ᠦᠨᠳᠦᠰᠦᠨ ᠠᠷᠭ᠎ᠠ ᠪᠠᠷᠢᠯ ᠪᠣᠯᠭᠠᠵᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠪᠠᠲᠤᠯᠠᠵᠤ᠂ ᠪᠦᠬᠦ | ᠬᠤᠰᠢᠭᠤᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠦᠨ ᠥᠷᠭᠡᠳᠬᠡᠬᠦ ᠬᠡᠷᠡᠭᠲᠡᠶ᠃ |