3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ ᠲᠦᠮᠡᠳ ᠵᠡᠭᠦᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠣᠷᠴᠢᠨ ᠲᠣᠭᠤᠷᠢᠨ ᠤ | ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ | ᠮᠡᠳᠡᠭᠦᠯᠦᠯᠲᠡ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠮᠡᠳᠡᠭᠦᠯᠦᠯᠲᠡ᠂ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠪᠠᠶᠢᠳᠠᠯ ᠤᠨ ᠲᠤᠬᠠᠶ ᠮᠡᠳᠡᠭᠦᠯᠦᠯᠲᠡ᠂ | 2023 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ᠃ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ ᠬᠢᠨᠠᠨ | ᠵᠥᠪᠯᠡᠵᠦ ᠪᠠᠲᠤᠯᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠶᠠᠩ ᠰᠢᠶᠤᠤ ᠳ᠋ᠦᠩ᠂ ᠶᠠᠩ ᠵᠢᠶᠠᠨ ᠵᠥᠩ᠂ ᠶᠦᠨ ᠴᠤᠸᠠᠨ ᠹᠧᠩ᠂ ᠶᠠᠩ ᠯᠢ ᠫᠧᠩ ᠵᠢᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠼᠦᠢ ᠵᠢᠶᠧ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠢᠶᠠ ᠰᠢ ᠵᠥᠩ᠂ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠦᠨ ᠼᠦᠩ ᠯᠢ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠤᠯᠠᠭᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠳ᠋ᠢ ᠶᠧ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠢᠨᠠᠨ | ᠪᠤᠳᠤᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠨᠥᠬᠦᠳ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠯ᠎ᠡ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ ᠬᠤᠷᠠᠯ ᠳᠤ ᠣᠷᠣᠯᠴᠠᠪᠠ᠃ |