ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ 2025 ᠣᠨ ᠤ 3 ᠰᠠᠷ᠎ᠠ ᠶᠢᠨ 26 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠲᠠᠪᠴᠠᠩ ᠤᠨ ᠬᠡᠷᠡᠭ ᠰᠢᠢᠳᠪᠦᠷᠢᠯᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠡᠯ᠎ᠡ ᠲᠠᠰᠤᠭ ᠤᠨ ᠲᠠᠰᠤᠭ᠂ ᠦᠨᠳᠦᠰᠦᠨ ᠱᠠᠲᠤᠨ ᠤ ᠭᠠᠵᠠᠷ ᠤᠨ 20 ᠭᠠᠷᠤᠶ ᠬᠠᠤᠯᠢ ᠬᠡᠷᠡᠭᠵᠢᠭᠦᠯᠬᠦ | ᠭᠤᠤᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠰᠢᠨ᠎ᠡ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ | ᠣᠷᠣᠰᠢᠵᠤ ᠪᠠᠶᠢᠭ᠎ᠠ ᠰᠢᠰᠲ᠋ᠧᠮ ᠤᠨ ᠠᠵᠢᠯᠯᠠᠭᠠᠨ ᠤ ᠪᠣᠯᠪᠠᠰᠤᠷᠠᠩᠭᠤᠶ ᠪᠤᠰᠤ᠂ ᠪᠢᠴᠢᠵᠦ ᠣᠷᠣᠭᠤᠯᠬᠤ | ᠪᠠᠷᠢᠮᠵᠢᠶ᠎ᠠ ᠨᠢ ᠠᠳᠠᠯᠢ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠲᠣᠭᠲᠠᠭᠠᠯ ᠰᠲ᠋ᠣᠺ ᠢ ᠬᠤᠲᠠ ᠶᠢᠨ | ᠲᠣᠪᠴᠢᠶ᠎ᠠ ᠶᠢᠨ ᠪᠣᠯᠪᠠᠰᠤᠷᠠᠭᠤᠯᠤᠯ ᠤᠨ ᠠᠭᠤᠯᠭ᠎ᠠ ᠲᠠᠢ ᠤᠶᠠᠯᠳᠤᠭᠤᠯᠤᠨ᠂ ︽ᠲᠠᠪᠴᠠᠩ ᠤᠨ ᠬᠡᠷᠡᠭ ᠶᠠᠪᠤᠳᠠᠯ ᠢ | ᠪᠢᠴᠢᠵᠦ ᠣᠷᠣᠭᠤᠯᠬᠤ ᠳᠤ ᠠᠩᠬᠠᠷᠬᠤ ᠵᠦᠢᠯᠡᠰ ᠤᠨ ᠪᠣᠳᠠᠲᠠᠶ ᠪᠣᠯᠪᠠᠰᠤᠷᠠᠯ ᠤᠨ ᠦᠵᠡᠭᠦᠯᠦᠯᠭᠡ︾ ᠶᠢᠨ ᠵᠢᠷᠤᠭ | ᠲᠥᠯᠥᠪᠯᠡᠭᠡ ᠶᠢᠨ ᠬᠢᠴᠢᠶᠡᠯ ᠤᠨ ᠲᠣᠭᠤᠷᠢᠨ ᠳᠤ᠂ ᠪᠣᠯᠪᠠᠰᠤᠷᠠᠭᠤᠯᠤᠯ ᠤᠨ ᠨᠠᠷᠢᠯᠢᠭ ᠣᠨᠣᠴᠠᠲᠠᠶ ᠪᠥᠭᠡᠳ ᠪᠣᠳᠠᠲᠤ | ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠪᠣᠯᠪᠠᠰᠤᠷᠠᠯ ᠤᠨ ᠳᠤᠮᠳᠠ᠂ ᠵᠠᠩ ᠵᠢᠶᠠᠨ ᠫᠢᠩ ᠪᠠᠶᠢᠴᠠᠭᠠᠨ ᠰᠤᠳᠤᠯᠤᠭᠴᠢ ᠨᠠᠷ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠵᠢᠴᠢ ᠪᠣᠳᠠᠲᠤ ᠶᠠᠪᠤᠳᠠᠯ ᠤᠨ ᠬᠦᠴᠢᠷ ᠲᠦᠪᠡᠭᠲᠡᠢ | ᠠᠰᠠᠭᠤᠳᠠᠯ ᠤᠨ ᠲᠣᠭᠤᠷᠢᠨ ᠳᠤ᠂ ᠲᠤᠰᠬᠠᠢ ᠵᠠᠳᠠᠯᠤᠯᠲᠠ ᠬᠢᠵᠦ ᠵᠢᠭᠠᠨ ᠵᠢᠯᠣᠭᠤᠳᠬᠤ ᠶᠢ ᠥᠷᠨᠢᠭᠦᠯᠵᠦ᠂ ᠴᠠᠭ ᠤᠨ | ᠬᠢᠵᠠᠭᠠᠷ ᠢ ᠬᠠᠮᠢᠶᠠᠷᠤᠨ ᠡᠵᠡᠮᠳᠡᠵᠦ ᠵᠢᠷᠤᠮᠵᠢᠭᠤᠯᠬᠤ ᠪᠠ ᠥᠨᠳᠥᠷ ᠳᠠᠪᠲᠠᠮᠵᠢᠲᠤ ᠲᠦᠭᠰᠢᠭᠦᠷᠢ ᠶᠢᠨ ᠴᠡᠭ ᠢ | ᠰᠢᠢᠳᠪᠦᠷᠢᠯᠡᠬᠦ ᠠᠷᠭ᠎ᠠ ᠵᠠᠮ ᠢ ᠰᠢᠰᠲ᠋ᠧᠮ ᠲᠠᠢ ᠡᠮᠬᠢᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯᠯᠠᠬᠤ | ᠪᠠᠷᠢᠮᠵᠢᠶ᠎ᠠ ᠶᠢ ᠲᠣᠳᠣᠷᠬᠠᠶ ᠪᠣᠯᠭᠠᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ |