2025 ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠰᠢᠨ᠎ᠡ ᠪᠠᠷ ᠬᠥᠮᠥᠷᠭᠡ ᠳᠤ | ᠣᠷᠣᠭᠤᠯᠤᠭᠰᠠᠨ ᠲᠥᠷᠥᠯ ᠵᠦᠢᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ 3 | ᠰᠠᠷ᠎ᠠ ᠶᠢᠨ 26 ᠤ ᠡᠳᠦᠷ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢᠨ᠎ᠡ ᠪᠠᠷ | ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ | ᠪᠦᠷᠢᠳᠬᠡᠯ ᠤᠨ ᠬᠡᠪᠴᠢᠶ᠎ᠡ᠂ ᠲᠤᠭ᠎ᠠ ᠪᠦᠷᠢᠳᠬᠡᠯ ᠤᠨ ᠡᠭᠦᠯᠡᠨ ᠲᠠᠪᠴᠠᠩ ᠤᠨ ᠬᠡᠷᠡᠭᠯᠡᠯᠲᠡ᠂ ᠭᠤᠤᠯ ᠪᠣᠯᠬᠤ | ᠭᠦᠢᠴᠡᠳᠬᠡᠯ ᠲᠤᠭ᠎ᠠ ᠶᠢᠨ ᠲᠠᠶᠢᠯᠤᠮᠵᠢ᠂ ᠣᠨᠴᠠᠭᠠᠶ ᠪᠠᠯᠠ ᠣᠷᠣᠭᠤᠯᠤᠯᠲᠠ ᠶᠢᠨ ᠪᠠᠶᠢᠳᠠᠯ ᠤᠨ ᠲᠣᠳᠣᠷᠬᠠᠶᠢᠯᠠᠯᠲᠠ᠂ | ᠪᠠᠯᠠ ᠣᠷᠣᠭᠤᠯᠤᠯᠲᠠ ᠶᠢᠨ ᠭᠡᠷᠡᠴᠢ ᠪᠠᠷᠢᠮᠲᠠ ᠶᠢᠨ ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠵᠡᠷᠭᠡ ᠠᠭᠤᠯᠭ᠎ᠠ ᠶᠢᠨ | ᠲᠤᠬᠠᠶ ᠪᠣᠯᠪᠠᠰᠤᠷᠠᠭᠤᠯᠤᠯ ᠬᠢᠵᠦ᠂ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠠᠵᠢᠯᠲᠠᠨ ᠳᠤ ᠲᠤᠭ᠎ᠠ | ᠪᠦᠷᠢᠳᠬᠡᠯ ᠤᠨ ᠠᠵᠢᠯ ᠤᠨ ᠲᠤᠬᠠᠶ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ ᠪᠣᠯᠭᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ | ᠪᠠᠷᠢᠮᠲᠠ ᠶᠢᠨ ᠲᠤᠭ᠎ᠠ ᠪᠦᠷᠢᠳᠬᠡᠯ ᠤᠨ ᠤᠬᠠᠮᠰᠠᠷ ᠢ ᠨᠡᠮᠡᠭᠳᠡᠭᠦᠯᠵᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠤᠶᠢᠰᠢᠳᠠ ᠲᠤᠭ᠎ᠠ ᠪᠠᠷᠢᠮᠲᠠ ᠶᠢᠨ | ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠳᠡᠭᠦᠯᠬᠦ ᠬᠦᠰᠦᠨᠦᠭᠲᠦ ᠶᠢ | ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ | ᠪᠠᠷᠢᠮᠲᠠ ᠶᠢ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠪᠦᠲᠦᠨ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠨ᠎ᠠ | ᠃ |