ᠲᠥᠷᠥ ᠶᠢᠨ ᠶᠠᠪᠤᠳᠠᠯ ᠤᠨ ᠬᠤᠷᠢᠶ᠎ᠠ ︽︿ᠪᠦᠭᠦ ᠤᠯᠤᠰ ᠤᠨ ᠰᠢᠨ᠎ᠡ ᠵᠢᠯ ᠴᠠᠭᠠᠨ ᠰᠠᠷ᠎ᠠ ᠵᠢᠴᠢ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠲᠠᠯᠪᠢᠬᠤ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠵᠢᠴᠢ | 2025 ᠣᠨ ᠤ ᠬᠡᠰᠡᠭ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ 11 | ᠰᠠᠷ᠎ᠠ ᠶᠢᠨ 12 ᠤᠨ ᠡᠳᠦᠷ ᠨᠡᠶᠢᠲᠡᠯᠡᠪᠡ᠃ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠴᠤ ᠪᠠᠶᠢᠭ᠎ᠠ | ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠬᠠᠷᠢᠭᠤᠴᠠᠯᠭᠠᠲᠠᠳ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ | ᠰᠣᠷᠪᠤᠯᠵᠢᠯᠠᠭ᠎ᠠ ᠶᠢ ᠬᠦᠯᠢᠶᠡᠪᠡ᠃ | ᠠᠰᠠᠭᠤᠯᠲᠠ᠄ ᠡᠨᠡ ᠤᠳᠠᠭ᠎ᠠ ᠥᠭᠡᠷᠡᠴᠢᠯᠡᠯᠲᠡ ᠬᠢᠭᠰᠡᠨ ᠭᠤᠣᠯ ᠠᠬᠤᠢ ᠪᠠᠶᠢᠳᠠᠯ ᠨᠢ ᠶᠠᠭᠤ ᠪᠤᠢ︖ | ᠬᠠᠷᠢᠭᠤᠯᠲᠠ᠄ ︽ᠪᠦᠭᠦ ᠤᠯᠤᠰ ᠤᠨ ᠰᠢᠨ᠎ᠡ ᠵᠢᠯ ᠴᠠᠭᠠᠨ ᠰᠠᠷ᠎ᠠ ᠵᠢᠴᠢ ᠪᠠᠶᠠᠷ ᠳᠤᠷᠠᠰᠬᠠᠯ ᠤᠨ ᠡᠳᠦᠷ | ᠠᠮᠠᠷᠠᠯᠲᠠ ᠲᠠᠯᠪᠢᠬᠤ ᠠᠷᠭ᠎ᠠ︾ ᠶᠢ ᠲᠣᠭᠲᠠᠭᠠᠭᠰᠠᠨ ᠠᠴᠠ ᠨᠠᠭᠠᠰᠢ ᠤᠷᠢᠳ ᠬᠤᠵᠢᠳ 1999 ᠣᠨ᠂ 2007 | ᠣᠨ᠂ 2013 ᠣᠨ ᠳᠤ ᠵᠠᠰᠠᠪᠤᠷᠢ ᠣᠷᠣᠭᠤᠯᠪᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ | ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠳᠡᠰ ᠳᠡᠪᠰᠢᠵᠦ᠂ ᠦᠢᠯᠡᠴᠢᠯᠡᠭᠡᠨ ᠤ ᠦᠢᠯᠡᠰ ᠢ ᠬᠦᠨᠳᠦᠳᠬᠡᠬᠦ | ᠬᠡᠮᠵᠢᠶ᠎ᠡ ᠪᠣᠯᠣᠨ ᠦᠢᠯᠡᠳᠪᠦᠷᠢᠯᠡᠯ ᠤᠨ ᠦᠷ᠎ᠡ ᠪᠦᠳᠤᠮᠵᠢ ᠲᠠᠰᠤᠷᠠᠯᠳᠠ ᠦᠭᠡᠢ ᠳᠡᠭᠡᠭᠰᠢᠯᠡᠭᠰᠡᠨ ᠠᠴᠠ | ᠠᠮᠠᠷᠠᠯᠲᠠ ᠶᠢᠨ ᠡᠳᠦᠷ ᠢ ᠨᠡᠮᠡᠭᠳᠡᠭᠦᠯᠬᠦ ᠳᠤ ᠪᠤᠰᠤᠳᠴᠢ ᠲᠠᠯ᠎ᠠ ᠪᠠᠷ ᠨᠥᠬᠦᠴᠡᠯ ᠬᠠᠩᠭᠠᠭᠰᠠᠨ ᠪᠥᠭᠡᠳ ᠪᠠᠰᠠ | ᠵᠣᠬᠢᠬᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠤ ᠬᠠᠮᠲᠤ ᠥᠷᠭᠡᠨ ᠣᠯᠠᠨ ᠠᠷᠠᠳ ᠲᠦᠮᠡᠨ | ᠠᠮᠠᠷᠠᠯᠲᠠ ᠶᠢᠨ ᠡᠳᠦᠷ ᠢ ᠨᠡᠮᠡᠭᠳᠡᠭᠦᠯᠬᠦ ᠶᠢ ᠬᠦᠰᠡᠨ ᠱᠠᠭᠠᠷᠳᠠᠵᠤ᠂ ᠣᠶᠢᠷ᠎ᠠ ᠶᠢᠨ ᠵᠢᠯ ᠠᠴᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠦᠭᠦ ᠤᠯᠤᠰ ᠤᠨ ᠬᠤᠶᠠᠷ ᠬᠤᠷᠠᠯ ᠤᠨ ᠰᠠᠨᠠᠯ ᠳᠤᠷᠠᠳᠤᠯᠭ᠎ᠠ ᠰᠠᠨᠠᠭᠤᠯᠭ᠎ᠠ᠂ ᠰᠦᠯᠵᠢᠶᠡᠨ ᠤ | ᠵᠠᠭᠤᠴᠢᠯᠠᠭᠤᠷ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠤᠨ ᠡᠮᠬᠢᠯᠡᠵᠦ᠂ ᠠᠮᠠᠷᠠᠯᠲᠠ | ᠲᠠᠯᠪᠢᠬᠤ ᠠᠷᠭ᠎ᠠ ᠳᠤ ᠵᠠᠰᠠᠪᠤᠷᠢ ᠣᠷᠣᠭᠤᠯᠬᠤ ᠳᠤ ᠰᠠᠶᠢᠲᠤᠷ ᠪᠡᠯᠡᠳᠬᠡᠯ ᠬᠢᠭᠰᠡᠨ ᠪᠠᠶᠢᠨ᠎ᠠ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠴᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠤᠰᠬᠠᠶᠢᠯᠠᠨ ᠪᠠᠶᠢᠷᠢᠯᠠᠭᠤᠯᠤᠯᠲᠠ ᠬᠢᠪᠡ᠃ | ᠠᠰᠠᠭᠤᠯᠲᠠ᠄ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ᠶᠡᠷᠦᠩᠬᠡᠢ ᠪᠣᠳᠣᠯᠬᠢᠯᠠᠯ ᠨᠢ ᠶᠠᠭᠤ ᠪᠤᠢ︖ | ᠬᠠᠷᠢᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠨᠢ | ᠲᠡᠦᠬᠡ ᠰᠣᠶᠣᠯ ᠤᠨ ᠤᠯᠠᠮᠵᠢᠯᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ᠂ ᠠᠵᠤ | ᠦᠢᠯᠡᠰ ᠤᠨ ᠪᠦᠲᠦᠴᠡ ᠶᠢᠨ ᠬᠤᠪᠢᠷᠠᠯᠲᠠ᠂ ᠪᠦᠭᠦ ᠨᠡᠶᠢᠭᠡᠮ ᠤᠨ ᠭᠦᠳᠡᠯᠮᠦᠷᠢ ᠶᠢᠨ ᠦᠷ᠎ᠡ ᠪᠦᠲᠦᠮᠵᠢ᠂ ᠣᠯᠠᠨ | ᠲᠦᠮᠡᠨ ᠤ ᠠᠮᠠᠷᠠᠯᠲᠠ ᠪᠠ ᠰᠡᠯᠡᠭᠦᠴᠡᠯ ᠤᠨ ᠬᠡᠷᠡᠭᠴᠡᠭᠡ ᠵᠢᠴᠢ ᠪᠠᠶᠢᠭᠤᠯᠭ᠎ᠠ ᠨᠢᠭᠡᠴᠢ᠂ ᠬᠥᠮᠥᠨ ᠨᠢᠭᠡᠪᠦᠷᠢ ᠲᠠᠢ | ᠰᠢᠭᠤᠳ ᠬᠤᠯᠪᠣᠭᠳᠠᠨ᠎ᠠ᠂ ᠬᠥᠮᠥᠨ ᠪᠦᠭᠦᠨ ᠤ ᠬᠦᠰᠡᠯ ᠱᠠᠭᠠᠷᠳᠠᠯᠭ᠎ᠠ ᠨᠢ ᠠᠳᠠᠯᠢ ᠪᠤᠰᠤ ᠲᠤᠯᠠ ᠨᠢᠭᠡᠳᠦᠯᠲᠡᠢ | ᠲᠥᠯᠥᠪᠯᠡᠨ ᠪᠣᠳᠣᠯᠬᠢᠯᠠᠬᠤ ᠴᠢᠬᠤᠯᠠᠲᠠᠢ᠃ ᠡᠶᠢᠮᠦ ᠪᠠᠷ ᠢᠶᠠᠨ ᠪᠢᠳᠠ ᠡᠨᠡ ᠤᠳᠠᠭ᠎ᠠ ᠵᠠᠰᠠᠪᠤᠷᠢ ᠣᠷᠤᠭᠤᠯᠬᠤ ᠳᠤ | ᠭᠤᠣᠯᠳᠠᠭᠤ ᠳᠣᠣᠷᠠᠬᠢ ᠮᠡᠲᠦ ᠪᠠᠷ ᠪᠣᠳᠣᠯᠬᠢᠯᠠᠭᠰᠠᠨ ᠪᠠᠶᠢᠨ᠎ᠠ᠄ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ᠃ | ᠤᠯᠠᠨ ᠵᠢᠯ ᠤᠨ ᠲᠤᠷᠰᠢ᠂ ᠮᠠᠨ ᠤ ᠤᠯᠤᠰ ᠤᠷᠳᠤ ᠣᠬᠤᠷ ᠠᠮᠠᠷᠠᠯᠲᠠ ᠪᠠ ᠤᠯᠠᠮᠵᠢᠯᠠᠯᠲᠤ ᠪᠠᠶᠠᠷ ᠤᠨ ᠡᠳᠦᠷ ᠤᠨ | ᠠᠮᠠᠷᠠᠯᠲᠠ ᠶᠢ ᠬᠠᠮᠲᠤ ᠳᠤᠨᠢ ᠪᠣᠳᠣᠯᠬᠢᠯᠠᠭᠰᠠᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢᠨ ᠪᠠᠶᠢᠷᠢᠰᠢᠯ ᠢ | ᠪᠦᠷᠢᠯᠳᠦᠭᠦᠯᠵᠦ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠭ᠎ᠠ ᠶᠢ ᠠᠭᠠᠵᠢᠮ ᠢᠶᠠᠷ | ᠰᠢᠯᠢᠳᠡᠭᠵᠢᠭᠦᠯᠦᠨ᠂ ᠠᠵᠤ ᠠᠬᠤᠢ ᠨᠡᠶᠢᠭᠡᠮ ᠤᠨ ᠡᠮᠬᠢ ᠵᠢᠷᠤᠮ ᠲᠠᠢ ᠡᠷᠭᠢᠯᠲᠡ ᠶᠢ ᠪᠠᠲᠤᠯᠠᠨ᠎ᠠ᠃ ᠵᠣᠬᠢᠰᠲᠠᠢ ᠪᠠᠷ | ᠨᠡᠮᠡᠭᠳᠡᠭᠦᠯᠬᠦ᠃ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢᠳᠤᠷᠠᠯ ᠤᠨ ᠬᠢᠷᠢ ᠲᠦᠪᠰᠢᠨ ᠢᠳᠡᠭ ᠢᠳᠡᠭ ᠢᠶᠠᠷ | ᠳᠡᠭᠡᠭᠰᠢᠯᠡᠬᠦ ᠶᠢ ᠳᠠᠭᠠᠯᠳᠤᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠰᠢᠯᠢᠳᠡᠭᠵᠢᠭᠦᠯᠬᠦ ᠨᠢ ᠣᠯᠠᠨ | ᠲᠦᠮᠡᠨ ᠤ ᠠᠮᠠᠷᠠᠵᠤ ᠰᠡᠯᠡᠭᠦᠴᠡᠬᠦ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠬᠤ ᠠᠴᠠ ᠭᠠᠳᠠᠨ᠎ᠠ ᠦᠢᠯᠡᠳᠪᠦᠷᠢᠯᠡᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠠᠬᠢᠭᠤᠯᠵᠤ᠂ ᠬᠡᠷᠡᠭᠯᠡᠭᠡ ᠶᠢ ᠥᠷᠭᠡᠳᠬᠡᠬᠦ᠂ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠦᠲᠦᠴᠡ ᠶᠢ ᠰᠢᠯᠢᠳᠡᠭᠵᠢᠭᠦᠯᠬᠦ᠃ ᠴᠠᠭᠠᠨ ᠰᠠᠷ᠎ᠠ᠂ | ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠵᠡᠷᠭᠡ ᠤᠷᠲᠤ ᠠᠮᠠᠷᠠᠯᠲᠠ ᠨᠢ ᠣᠯᠠᠨ ᠲᠦᠮᠡᠨ ᠤ ᠲᠥᠷᠥᠯ | ᠰᠠᠳᠤᠨ ᠢᠶᠠᠨ ᠡᠷᠭᠢᠨ ᠦᠵᠡᠵᠦ ᠵᠢᠭᠤᠯᠴᠢᠯᠠᠵᠤ ᠰᠡᠯᠡᠭᠦᠴᠡᠬᠦ ᠠᠮᠠᠷᠠᠯᠲᠠ ᠶᠢᠨ ᠡᠳᠦᠷ ᠪᠠᠶᠢᠵᠤ᠂ ᠲᠡᠷᠭᠡᠯ ᠰᠠᠷ᠎ᠠ ᠶᠢᠨ | ᠪᠠᠶᠠᠷ᠂ ᠬᠠᠩᠰᠢ ᠶᠢᠨ ᠡᠳᠦᠷ ᠵᠡᠷᠭᠡ ᠣᠬᠤᠷ ᠠᠮᠠᠷᠠᠯᠲᠠ ᠯᠤᠭ᠎ᠠ ᠨᠢᠭᠡᠳᠦᠯᠲᠡᠢ ᠲᠥᠯᠥᠪᠯᠡᠬᠦ ᠶᠢ ᠪᠣᠳᠣᠯᠬᠢᠯᠠᠵᠤ᠂ | ᠠᠷᠠᠳ ᠤᠳ ᠲᠤ ᠠᠯᠢ ᠴᠢᠳᠠᠬᠤ ᠪᠠᠷ ᠨᠡᠩ ᠣᠯᠠᠨ ᠭᠠᠳᠠᠭᠰᠢ ᠭᠠᠷᠬᠤ ᠳᠤᠭᠢᠶᠠᠯ ᠢ ᠣᠯᠭᠤᠬᠤ ᠪᠠ ᠠᠮᠠᠷᠠᠯᠲᠠ ᠶᠢᠨ | ᠡᠳᠦᠷ ᠨᠡᠮᠡᠬᠦ ᠶᠢ ᠵᠣᠷᠢᠵᠠᠢ᠃ ᠠᠷᠠᠳ ᠤᠨ ᠰᠠᠨᠠᠭ᠎ᠠ ᠳᠤ ᠨᠡᠶᠢᠴᠡᠭᠦᠯᠬᠦ᠃ ᠣᠯᠠᠨ ᠲᠦᠮᠡᠨ ᠤ ᠰᠠᠨᠠᠯ ᠱᠠᠭᠠᠷᠳᠠᠯᠭ᠎ᠠ ᠶᠢ | ᠶᠡᠭᠡ ᠪᠠᠷ ᠬᠤᠷᠢᠶᠠᠨ ᠴᠤᠭᠯᠠᠭᠤᠯᠵᠤ᠂ ᠣᠯᠠᠨ ᠲᠠᠯ᠎ᠠ ᠪᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠶᠢᠨ ᠰᠠᠨᠠᠯ ᠰᠠᠨᠠᠭᠤᠯᠭ᠎ᠠ ᠶᠢ | ᠬᠢᠨᠠᠮᠠᠭᠠᠢ ᠰᠤᠳᠤᠯᠤᠭᠰᠠᠨ ᠪᠠᠶᠢᠨ᠎ᠠ᠃ | ᠠᠰᠠᠭᠤᠯᠲᠠ᠄ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠮᠠᠨ ᠤ ᠤᠯᠤᠰ ᠤᠨ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠤᠨ ᠶᠡᠷᠦᠩᠬᠡᠢ ᠪᠠᠶᠢᠳᠠᠯ ᠶᠠᠮᠠᠷᠰᠢᠤ ᠪᠠᠶᠢᠳᠠᠭ ᠪᠤᠢ︖ | ᠬᠠᠷᠢᠭᠤᠯᠲᠠ᠄ ︽ᠠᠷᠭ᠎ᠠ︾ ᠳᠤ ᠵᠠᠰᠠᠪᠤᠷᠢ ᠣᠷᠣᠭᠤᠯᠬᠤ ᠠᠴᠠ ᠡᠮᠦᠨ᠎ᠡ ᠮᠠᠨ ᠤ ᠤᠯᠤᠰ 7 ᠪᠠᠶᠠᠷ | ᠳᠤᠷᠠᠰᠬᠠᠯ ᠤᠨ ᠡᠳᠦᠷ ᠲᠤ ᠨᠡᠶᠢᠲᠡ 11 ᠡᠳᠦᠷ ᠠᠮᠠᠷᠠᠯᠲᠠ ᠲᠠᠯᠪᠢᠵᠤ ᠪᠠᠶᠢᠭᠰᠠᠨ ᠪᠣᠯ᠂ ᠡᠨᠡ ᠤᠳᠠᠭ᠎ᠠ ᠵᠠᠰᠠᠪᠤᠷᠢ | ᠣᠷᠣᠭᠤᠯᠤᠭᠰᠠᠨ ᠤ ᠳᠠᠷᠠᠭ᠎ᠠ 7 ᠪᠠᠶᠠᠷ ᠤᠨ ᠡᠳᠦᠷ ᠲᠤ ᠨᠡᠶᠢᠲᠡ 13 ᠡᠳᠦᠷ ᠠᠮᠠᠷᠠᠯᠲᠠ ᠲᠠᠯᠪᠢᠬᠤ ᠪᠣᠯᠭᠠᠪᠠ᠃ | ᠡᠭᠦᠨ ᠳᠤ᠂ ᠴᠠᠭᠠᠨ ᠰᠠᠷ᠎ᠠ ᠶᠢᠨ 4 ᠡᠳᠦᠷ ︵ᠪᠢᠲᠡᠭᠦᠨ ᠤ ᠡᠳᠦᠷ ᠠᠴᠠ ᠰᠢᠨ᠎ᠡ ᠶᠢᠨ ᠭᠤᠷᠪᠠᠨ ᠭᠦᠷᠲᠡᠯ᠎ᠡ︶᠂ | ᠰᠣᠯᠢᠯᠴᠠᠵᠤ ᠠᠮᠠᠷᠠᠭᠰᠠᠨ ᠤ ᠲᠠᠷᠠᠭ᠎ᠠ 8 ᠡᠳᠦᠷ ᠪᠣᠯᠣᠨ ᠨᠡᠮᠡᠭᠳᠡᠪᠡ ᠃ ᠤᠯᠤᠰ ᠤᠨ ᠪᠠᠶᠠᠷ ᠤᠨ 3 ᠡᠳᠦᠷ ︵10 | ᠰᠠᠷ᠎ᠠ ᠶᠢᠨ 1 ᠤ ᠡᠳᠦᠷ ᠠᠴᠠ 3 ᠤ ᠡᠳᠦᠷ︶᠂ ᠰᠣᠯᠢᠯᠴᠠᠵᠤ ᠠᠮᠠᠷᠠᠭᠰᠠᠨ ᠤ ᠲᠠᠷᠠᠭ᠎ᠠ 7 ᠡᠳᠦᠷ ᠪᠤᠯᠪᠠ ᠃ | ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ︵5 ᠰᠠᠷ᠎ᠠ ᠶᠢᠨ 1 ᠤ ᠡᠳᠦᠷ᠂ 2 ᠤᠨ ᠡᠳᠦᠷ︶ ᠢᠶᠠᠷ | ᠨᠢᠭᠡ ᠤᠳᠠᠭ᠎ᠠ ᠶᠢᠨ ᠨᠥᠬᠦᠵᠦ ᠠᠵᠢᠯᠯᠠᠬᠤ ᠡᠳᠦᠷ ᠢ ᠬᠠᠰᠤᠭᠠᠳ ᠨᠠᠶᠢᠳᠡ 5 ᠡᠳᠦᠷ ᠴᠢᠯᠦᠭᠡ ᠲᠠᠯᠪᠢᠨ᠎ᠠ᠃ ᠰᠢᠨ᠎ᠡ | ᠵᠢᠯ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠲᠡᠷᠭᠡᠯ ᠰᠠᠷ᠎ᠠ ᠶᠢᠨ ᠪᠠᠶᠠᠷ ᠢᠶᠠᠷ | ᠲᠣᠰ ᠪᠦᠷᠢ 1 ᠡᠳᠦᠷ ᠠᠮᠠᠷᠠᠨ᠎ᠠ᠃ | ᠠᠰᠠᠭᠤᠯᠲᠠ᠄ ᠲᠤᠰ ᠤᠳᠠᠭ᠎ᠠ ᠶᠢᠨ ᠥᠭᠡᠷᠡᠴᠢᠯᠡᠯᠲᠡ ᠳᠤ ᠶᠠᠮᠠᠷ ᠵᠠᠩᠭᠢᠯᠠᠭ᠎ᠠ ᠶᠢᠨ ᠴᠡᠭ ᠪᠠᠶᠢᠬᠤ ᠪᠤᠢ︖ | ᠬᠠᠷᠢᠭᠤᠯᠲᠠ᠄ ᠡᠨᠡ ᠤᠳᠠᠭ᠎ᠠ ᠵᠠᠰᠠᠪᠤᠷᠢ ᠣᠷᠣᠭᠤᠯᠬᠤ ᠵᠠᠩᠭᠢᠯᠠᠭ᠎ᠠ ᠶᠢᠨ ᠴᠡᠭ ᠨᠢ ᠭᠤᠣᠯᠳᠠᠭᠤ ᠲᠠᠪᠤᠨ ᠲᠠᠯ᠎ᠠ ᠪᠠᠷ | ᠢᠯᠡᠷᠡᠵᠦ ᠪᠤᠢ᠃ ᠠᠮᠠᠷᠠᠯᠲᠠ ᠶᠢᠨ ᠡᠳᠦᠷ ᠤᠨ ᠶᠡᠷᠦᠩᠬᠡᠢ ᠲᠤᠭ᠎ᠠ ᠨᠢ ᠨᠡᠮᠡᠭᠳᠡᠵᠡᠢ᠃ ᠪᠦᠭᠦ ᠠᠷᠠᠳ ᠢᠷᠭᠡᠨ ᠤ | ᠠᠮᠠᠷᠠᠯᠲᠠ ᠲᠠᠯᠪᠢᠬᠤ ᠠᠮᠠᠷᠠᠯᠲᠠ ᠶᠢᠨ ᠡᠳᠦᠷ 2 ᠡᠳᠦᠷ ᠨᠡᠮᠡᠭᠳᠡᠨ᠎ᠡ᠂ ᠳᠠᠷᠤᠢ ᠪᠢᠯᠢᠭ ᠤᠨ ᠤᠯᠠᠷᠢᠯ ᠤᠨ ᠪᠢᠲᠡᠭᠦᠨ ᠤ | ᠡᠳᠦᠷ᠂ 5 ᠰᠠᠷ᠎ᠠ ᠶᠢᠨ 2 ᠤᠨ ᠡᠳᠦᠷ ᠪᠠᠶᠢᠵᠤ᠂ ᠠᠮᠠᠷᠠᠯᠲᠠ ᠲᠠᠯᠪᠢᠭᠰᠠᠨ ᠶᠡᠷᠦᠩᠬᠡᠢ ᠡᠳᠦᠷ ᠤᠨ ᠲᠤᠭ᠎ᠠ 11 | ᠡᠳᠦᠷ ᠠᠴᠠ ᠨᠡᠮᠡᠭᠳᠡᠭᠡᠳ 13 ᠡᠳᠦᠷ ᠪᠣᠯᠵᠠᠢ᠃ ᠪᠢᠲᠡᠭᠦᠨ ᠠᠴᠠ ᠠᠮᠠᠷᠠᠯᠲᠠ ᠲᠠᠯᠪᠢᠨ᠎ᠠ᠃ ᠪᠢᠲᠡᠭᠦᠨ ᠤ ᠡᠳᠦᠷ | ᠬᠡᠳᠦ᠋ᠢᠪᠡᠷ ᠠᠮᠠᠷᠠᠯᠲᠠ ᠶᠢᠨ ᠡᠳᠦᠷ ᠪᠢᠰᠢ ᠪᠤᠯᠪᠠᠴᠤ ᠤᠯᠠᠮᠵᠢᠯᠠᠯᠲᠤ ᠪᠠᠶᠠᠷ ᠤᠨ ᠡᠳᠦᠷ ᠪᠣᠯᠣᠨ᠎ᠠ᠂ ᠲᠤᠰ ᠤᠳᠠᠭ᠎ᠠ | ᠴᠠᠭᠠᠨ ᠰᠠᠷ᠎ᠠ ᠶᠢᠨ ᠠᠮᠠᠷᠠᠯᠲᠠ ᠪᠠᠷ ᠪᠢᠲᠡᠭᠦᠨ ᠤ ᠡᠳᠦᠷ ᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠠᠮᠠᠷᠠᠯᠲᠠ ᠳᠤ ᠣᠷᠣᠭᠤᠯᠵᠤ᠂ ᠳᠦᠷᠢᠮᠵᠢᠭᠰᠡᠨ ᠠᠷᠭ᠎ᠠ ᠭᠡᠯᠪᠡᠷᠢ ᠪᠠᠷ ᠤᠯᠠᠨ ᠲᠦᠮᠡᠨ ᠤ ᠴᠠᠭᠠᠨ ᠰᠠᠷ᠎ᠠ ᠪᠠᠨ | ᠪᠠᠶᠠᠷᠲᠠᠶᠢᠬᠠᠨ ᠤᠭᠲᠤᠵᠤ᠂ ᠤᠯᠠᠮᠵᠢᠯᠠᠯᠲᠤ ᠪᠠᠶᠠᠷ ᠤᠨ ᠡᠳᠦᠷ ᠢᠶᠠᠨ ᠪᠠᠶᠠᠷ ᠭᠦᠷ ᠲᠠᠢ ᠥᠩᠭᠡᠷᠡᠭᠦᠯᠬᠦ ᠶᠢ ᠪᠠᠲᠤᠯᠠᠨ᠎ᠠ | ᠃ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠢ ᠤᠷᠲᠤᠳᠬᠠᠪᠠ᠃ ᠴᠠᠭᠠᠨ ᠰᠠᠷ᠎ᠠ ᠶᠢᠨ ᠠᠮᠠᠷᠠᠯᠲᠠ ᠶᠢᠨ 4 | ᠡᠳᠦᠷ ᠤᠨ ᠳᠡᠭᠡᠷ᠎ᠡ ᠨᠢ ᠭᠠᠷᠠᠭ ᠤᠨ ᠵᠢᠷᠭᠤᠭᠠᠨ ᠡᠳᠦᠷ ᠰᠣᠯᠢᠯᠴᠠᠨ ᠠᠮᠠᠷᠠᠪᠠᠯ 8 ᠡᠳᠦᠷ ᠴᠢᠯᠦᠭᠡ ᠲᠠᠯᠪᠢᠨ᠎ᠠ᠂ | ᠬᠡᠷᠪᠡ ᠪᠢᠲᠡᠭᠦᠨ ᠤ ᠡᠳᠦᠷ ᠭᠠᠷᠠᠭ ᠤᠨ ᠲᠠᠪᠤᠨ ᠳᠤ ᠲᠠᠭᠠᠷᠠᠪᠠᠯ ᠭᠠᠷᠠᠭ ᠤᠨ ᠰᠡᠭᠦᠯᠴᠢ ᠶᠢᠨ ᠠᠮᠠᠷᠠᠯᠲᠠ ᠲᠠᠢ | ᠨᠡᠶᠢᠯᠡᠭᠡᠳ 9 ᠡᠳᠦᠷ ᠴᠢᠯᠦᠭᠡ ᠲᠠᠯᠪᠢᠨ᠎ᠠ᠃ ᠵᠢᠱᠢᠶᠡᠯᠡᠪᠡᠯ 2027 ᠣᠨ ᠤ ᠴᠠᠭᠠᠨ ᠰᠠᠷ᠎ᠠ ᠶᠢᠨ ᠠᠮᠠᠷᠠᠯᠲᠠ ᠨᠠᠩ | ᠤᠷᠲᠤ ᠪᠣᠯᠣᠨ᠎ᠠ᠃ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠢᠶᠠᠷ ᠨᠢᠭᠡ ᠤᠳᠠᠭ᠎ᠠ ᠨᠥᠬᠦᠵᠦ | ᠠᠵᠢᠯᠯᠠᠬᠤ ᠡᠳᠦᠷ ᠢ ᠬᠠᠰᠤᠪᠠ᠃ ᠲᠠᠪᠤᠨ ᠰᠠᠷ᠎ᠠ ᠳᠤ ᠠᠭᠤᠷ ᠠᠮᠢᠰᠬᠤᠯ ᠳᠤᠯᠠᠭᠠᠷᠠᠵᠤ᠂ ᠭᠠᠳᠠᠭᠰᠢ ᠭᠠᠷᠬᠤ ᠳᠤ | ᠲᠣᠬᠢᠷᠠᠮᠵᠢᠲᠠᠢ ᠪᠠᠶᠢᠳᠠᠭ᠂ ᠡᠶᠢᠮᠦ ᠪᠠᠷ ᠢᠶᠠᠨ ᠲᠠᠪᠤᠨ ᠰᠠᠷ᠎ᠠ ᠶᠢᠨ ᠠᠮᠠᠷᠠᠯᠲᠠ ᠶᠢᠨ ᠡᠳᠦᠷ ᠢ 2 ᠡᠳᠦᠷ ᠪᠣᠯᠭᠠᠨ | ᠨᠡᠮᠡᠵᠡᠢ᠃ ᠬᠡᠷᠪᠡ ᠭᠠᠷᠠᠭ ᠤᠨ ᠰᠡᠭᠦᠯᠴᠢ ᠶᠢᠨ ᠠᠮᠠᠷᠠᠯᠲᠠ ᠲᠠᠢ ᠲᠠᠭᠠᠷᠠᠪᠠᠯ᠂ 1 ᠯᠠ ᠡᠳᠦᠷ ᠰᠣᠯᠢᠯᠴᠠᠵᠤ | ᠠᠮᠠᠷᠠᠭᠰᠠᠭᠠᠷ ᠳᠠᠷᠤᠢ 5 ᠡᠳᠦᠷ ᠤᠨ ᠤᠷᠳᠤ ᠠᠮᠠᠷᠠᠯᠲᠠ ᠪᠣᠯᠵᠤ ᠲᠠᠶᠢᠯᠤᠨ᠎ᠠ᠃ ᠰᠣᠯᠢᠯᠴᠠᠵᠤ ᠠᠮᠠᠷᠠᠬᠤ ᠵᠠᠷᠴᠢᠮ ᠢ | ᠲᠣᠳᠣᠷᠬᠠᠶᠢᠯᠠᠪᠠ᠃ ᠮᠠᠨ ᠤ ᠤᠯᠤᠰ ᠣᠯᠠᠨ ᠵᠢᠯ ᠤᠨ ᠦᠢᠯᠡᠳᠦᠯᠭᠡ ᠳᠤᠮᠳᠠ ᠨᠡᠯᠢᠶᠡᠳ ᠲᠣᠭᠲᠠᠮᠠᠯ ᠰᠣᠯᠢᠯᠴᠠᠵᠤ | ᠠᠮᠠᠷᠠᠬᠤ ᠵᠠᠷᠴᠢᠮ ᠢ ᠪᠤᠢ ᠪᠣᠯᠭᠠᠪᠠ᠃ ᠲᠣᠰ ᠤᠳᠠᠭ᠎ᠠ ᠰᠣᠯᠢᠯᠴᠠᠵᠤ ᠠᠮᠠᠷᠠᠬᠤ ᠵᠠᠷᠴᠢᠮ ᠢ ᠲᠣᠳᠣᠷᠬᠠᠢ ᠨᠡᠶᠢᠲᠡᠯᠡᠵᠦ᠂ | ᠣᠯᠠᠨ ᠲᠦᠮᠡᠨ ᠠᠮᠠᠷᠠᠯᠲᠠ ᠶᠢᠨ ᠡᠳᠦᠷ ᠢ ᠥᠪᠡᠰᠦᠪᠡᠨ ᠵᠣᠬᠢᠰᠲᠠᠢ ᠲᠣᠬᠢᠷᠠᠭᠤᠯᠵᠤ ᠪᠣᠯᠣᠨ᠎ᠠ᠃ | ᠠᠰᠠᠭᠤᠯᠲᠠ᠄ ᠤᠯᠠᠨ ᠢᠶᠠᠷ ᠢᠶᠠᠨ ᠠᠮᠠᠷᠠᠯᠲᠠ ᠶᠢᠨ ᠡᠳᠦᠷ ᠢ ᠮᠠᠰᠢ ᠠᠩᠬᠠᠷᠴᠤ ᠪᠠᠶᠢᠨ᠎ᠠ᠂ ᠡᠨᠡ ᠠᠮᠠᠷᠠᠯᠲᠠ ᠶᠢ | ᠬᠡᠷᠬᠢᠨ ᠲᠣᠬᠢᠷᠠᠭᠤᠯᠤᠭᠰᠠᠨ ᠪᠤᠢ︖ | ᠬᠠᠷᠢᠭᠤᠯᠲᠠ᠄ ᠣᠳᠣᠬᠠᠨ ᠳᠤ ᠡᠯ᠎ᠡ ᠲᠠᠯ᠎ᠠ ᠶᠢᠨ ᠬᠢᠨ ᠰᠣᠯᠢᠯᠴᠠᠵᠤ ᠠᠮᠠᠷᠠᠬᠤ ᠡᠰᠡᠬᠦ ᠳᠤ ᠠᠳᠠᠯᠢ ᠪᠤᠰᠤ ᠶᠢᠨ | ᠦᠵᠡᠯᠲᠡ ᠲᠠᠢ᠃ ᠠᠷᠠᠳ ᠲᠦᠮᠡᠨ ᠤ ᠵᠢᠭᠤᠯᠴᠢᠯᠠᠯ ᠰᠡᠯᠡᠭᠦᠴᠡᠯ ᠵᠡᠷᠭᠡ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ | ᠣᠷᠣᠯᠠᠭᠤᠯᠵᠤ ᠪᠣᠯᠣᠰᠢ ᠦᠭᠡᠢ ᠢᠳᠡᠪᠬᠢ ᠦᠢᠯᠡᠳᠦᠯ ᠦᠵᠡᠭᠦᠯᠵᠡᠢ᠃ ᠲᠣᠰ ᠤᠳᠠᠭ᠎ᠠ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠤᠨ ᠲᠤᠭ᠎ᠠ ᠶᠢ ᠨᠡᠮᠡᠭᠳᠡᠭᠦᠯᠬᠦ ᠲᠠᠢ | ᠤᠶᠠᠯᠳᠤᠭᠤᠯᠤᠨ ᠲᠣᠬᠢᠷᠠᠭᠤᠯᠤᠯᠲᠠ ᠶᠢ ᠠᠯᠢ ᠴᠢᠳᠠᠬᠤ ᠪᠠᠷ ᠰᠢᠯᠢᠳᠡᠭᠵᠢᠭᠦᠯᠵᠦ᠂ ᠰᠣᠯᠢᠯᠴᠠᠵᠤ ᠠᠮᠠᠷᠠᠬᠤ ᠵᠠᠷᠴᠢᠮ ᠢ | ᠲᠣᠳᠣᠷᠬᠠᠶᠢᠯᠠᠭᠰᠠᠨ ᠪᠠᠶᠢᠨ᠎ᠠ᠃ ︽ᠠᠷᠭ᠎ᠠ︾ ᠳᠤ᠂ ᠪᠦᠭᠦ ᠠᠷᠠᠳ ᠢᠷᠭᠡᠨ ᠤ ᠠᠮᠠᠷᠠᠯᠲᠠ ᠲᠠᠯᠪᠢᠬᠤ ᠡᠳᠦᠷ ᠢ | ᠨᠢᠭᠡᠳᠦᠯᠲᠡᠢ ᠲᠣᠬᠢᠷᠠᠭᠤᠯᠤᠨ᠎ᠠ ᠭᠡᠵᠦ ᠲᠣᠳᠣᠷᠬᠠᠶᠢᠯᠠᠵᠠᠢ᠃ ᠣᠨᠴᠠ ᠵᠠᠷᠢᠮ ᠣᠨᠴᠠᠭᠠᠶ ᠪᠠᠶᠠᠷ ᠠᠴᠠ ᠪᠤᠰᠤᠳ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠳᠠᠭᠤᠰᠤᠭᠰᠠᠨ ᠤ ᠲᠠᠷᠠᠭ᠎ᠠ | ᠡᠩ ᠤᠨ ᠪᠠᠶᠢᠳᠠᠯ ᠳᠣᠣᠷ᠎ᠠ ᠦᠷᠭᠦᠯᠵᠢᠯᠡᠨ ᠠᠵᠢᠯᠯᠠᠬᠤ ᠡᠳᠦᠷ ᠤᠨ ᠲᠤᠭ᠎ᠠ ᠶᠢ 6 ᠡᠳᠦᠷ ᠠᠴᠠ ᠬᠡᠲᠦᠷᠡᠭᠦᠯᠵᠦ | ᠪᠤᠯᠬᠤ ᠦᠭᠡᠢ᠃ | ᠠᠰᠠᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ | ᠳᠠᠷᠠᠭᠠᠴᠢ ᠶᠢᠨ ᠠᠵᠢᠯ ᠤᠨ ᠪᠣᠳᠣᠯᠬᠢᠯᠠᠯ ᠨᠢ ᠶᠠᠭᠤ ᠪᠤᠢ︖ | ᠬᠠᠷᠢᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠨᠢ | ᠠᠵᠤ ᠠᠬᠤᠢ ᠨᠡᠶᠢᠭᠡᠮ ᠤᠨ ᠡᠯ᠎ᠡ ᠲᠠᠯ᠎ᠠ ᠳᠤ ᠬᠤᠯᠪᠣᠭᠳᠠᠵᠤ᠂ ᠠᠵᠤ ᠠᠬᠤᠶᠢᠯᠠᠯ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠲᠣᠬᠢᠷᠠᠭᠤᠯᠤᠯᠲᠠ ᠳᠤ ᠬᠤᠯᠪᠣᠭᠳᠠᠬᠤ ᠤᠴᠢᠷ ᠠᠴᠠ ᠨᠢᠭᠡᠳᠦᠯᠲᠡᠢ ᠲᠥᠯᠥᠪᠯᠡᠬᠦ ᠶᠢ | ᠰᠦᠪᠡᠭᠴᠢᠯᠡᠵᠦ᠂ ᠡᠮᠬᠢ ᠵᠢᠷᠤᠮ ᠲᠠᠢ ᠠᠬᠢᠭᠤᠯᠬᠤ ᠶᠢ ᠴᠢᠬᠤᠯᠠᠴᠢᠯᠠᠵᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠲᠦᠷᠭᠡᠨ ᠤ ᠵᠠᠰᠠᠮᠠᠯ ᠵᠠᠮ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ᠂ ᠲᠡᠮᠦᠷ | ᠵᠠᠮ ᠠᠭᠠᠷ ᠤᠨ ᠲᠡᠭᠡᠭᠡᠪᠦᠷᠢ ᠶᠢᠨ ᠲᠡᠭᠡᠭᠡᠪᠦᠷᠢ ᠶᠢᠨ ᠬᠦᠴᠦ ᠶᠢ ᠨᠡᠮᠡᠭᠳᠡᠭᠦᠯᠬᠦ ᠵᠡᠷᠭᠡ ᠠᠵᠢᠯ ᠢ ᠬᠠᠮᠵᠢᠯᠴᠠᠨ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠥᠭᠡᠳ ᠤᠷᠤᠭᠰᠢᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠨᠴᠠᠭᠠᠶᠢᠯᠠᠨ ᠵᠢᠯ ᠤᠨ ᠠᠮᠠᠷᠠᠯᠲᠠ ᠶᠢᠨ ᠳᠦᠷᠢᠮ ᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠣᠯᠠᠨ ᠲᠦᠮᠡᠨ ᠢ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠭᠠᠳᠠᠨ᠎ᠠ ᠵᠢᠯ ᠤᠨ ᠠᠮᠠᠷᠠᠯᠲᠠ ᠪᠠᠷ ᠳᠠᠮᠵᠢᠨ | ᠠᠮᠠᠷᠠᠯᠲᠠ ᠶᠢᠨ ᠴᠠᠭ ᠢᠶᠠᠨ ᠨᠡᠩ ᠭᠦᠢᠴᠡᠳ ᠪᠥᠭᠡᠳ ᠠᠮᠢᠳᠤᠯᠢᠭ ᠲᠣᠬᠢᠷᠠᠭᠤᠯᠵᠤ ᠪᠣᠯᠣᠨ᠎ᠠ᠃ ᠡᠭᠦᠨ ᠤ ᠬᠠᠮᠲᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠨᠢᠭᠲᠠ ᠠᠩᠬᠠᠷᠴᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠤᠯᠭᠠᠬᠤ ᠶᠢ | ᠲᠠᠰᠤᠷᠠᠯᠲᠠ ᠦᠭᠡᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠨᠡᠩ ᠰᠠᠶᠢᠲᠤᠷ ᠬᠠᠩᠭᠠᠪᠠᠯ ᠵᠣᠬᠢᠨ᠎ᠠ᠃ | |