3 ᠰᠠᠷ᠎ᠠ ᠶᠢᠨ 28 ᠤ ᠡᠳᠦᠷ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠬᠤ | ᠶᠠᠷᠢᠯᠴᠠᠬᠤ ᠬᠤᠷᠠᠯ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠲᠣᠭᠲᠠᠭᠰᠠᠨ | ᠬᠤᠭᠤᠴᠠᠭᠠᠨ ᠳᠤ ᠶᠠᠪᠤᠭᠳᠠᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ | ᠪᠥᠬᠦᠶ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠰᠢᠶᠠᠩ ᠪᠠᠯᠭᠠᠰᠤᠨ ᠤ ︽ᠲᠠᠷᠢᠶᠠᠯᠠᠩ ᠠᠮᠤᠷ | ᠲᠦᠪᠰᠢᠨ︾ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ ᠬᠢᠨᠠᠨ ᠬᠠᠮᠢᠶᠠᠷᠤᠭᠴᠢ ᠨᠡᠶᠢᠲᠡ 20 | ᠭᠠᠷᠤᠶ ᠬᠥᠮᠦᠨ ᠲᠣᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃ | 2025 ᠣᠨ ᠤ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠷᠤᠭᠰᠢᠲᠠᠶ ᠪᠡᠶᠡᠯᠡᠭᠦᠯᠬᠦ ᠶᠢ | ᠪᠠᠲᠤᠯᠠᠬᠤ ᠶᠢᠨ ᠲᠥᠯᠥᠭᠡ᠂ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ | ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠲᠠᠢ ᠨᠢᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠤᠰ ᠲᠥᠷᠥ ᠶᠢᠨ ᠡᠭᠦᠷᠭᠡ | ᠪᠣᠯᠭᠠᠨ ᠠᠳᠬᠤᠵᠤ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ | ᠭᠦᠢᠴᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ | ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨᠠᠨ | ᠬᠠᠮᠢᠶᠠᠷᠬᠤ ᠲᠠᠰᠤᠭ ᠤᠨ ᠳᠠᠷᠤᠭ᠎ᠠ ᠸᠠᠩ ᠹᠠᠩ 2025 ᠣᠨ ᠤ ᠡᠯ᠎ᠡ ᠰᠢᠶᠠᠩ ᠪᠠᠯᠭᠠᠰᠤᠨ ᠤ ︽ᠲᠠᠷᠢᠶᠠᠯᠠᠩ ᠤᠨ | ᠠᠮᠤᠷ ᠲᠦᠪᠰᠢᠨ︾ ᠤ ᠠᠵᠢᠯ ᠤᠨ ᠡᠭᠦᠷᠭᠡ ᠶᠢᠨ ᠲᠤᠬᠠᠶ ᠨᠠᠷᠢᠨ ᠪᠠᠶᠢᠷᠢᠯᠠᠭᠤᠯᠤᠯᠲᠠ ᠬᠢᠬᠦ ᠶᠢᠨ ᠬᠠᠮᠲᠤ᠂ ᠡᠯ᠎ᠡ | ᠰᠢᠶᠠᠩ ᠪᠠᠯᠭᠠᠰᠤᠨ ᠤ 2025 ᠣᠨ ᠤ ︽ᠲᠠᠷᠢᠶᠠᠯᠠᠩ ᠤᠨ ᠠᠮᠤᠷ ᠲᠦᠪᠰᠢᠨ︾ ᠤ ᠠᠵᠢᠯ ᠢ ᠬᠡᠷᠬᠢᠨ ᠰᠠᠶᠢᠲᠤᠷ | ᠥᠷᠨᠢᠭᠦᠯᠬᠦ ᠳᠤ ᠴᠢᠭᠯᠡᠭᠦᠯᠦᠨ ᠵᠢᠯᠣᠭᠤᠳᠣᠯᠭ᠎ᠠ ᠪᠠ ᠰᠠᠨᠠᠭᠤᠯᠭ᠎ᠠ ᠭᠠᠷᠭᠠᠪᠠ᠃ ᠪᠥᠬᠦ ᠬᠤᠰᠢᠭᠤᠨ ᠤ 2025 | ᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ | ᠠᠵᠢᠯ ᠤᠨ ᠲᠣᠭᠤᠷᠢᠨ ᠳᠤ᠂ ᠡᠯ᠎ᠡ ᠰᠢᠶᠠᠩ ᠪᠠᠯᠭᠠᠰᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠠᠴᠠ | ᠰᠢᠶᠠᠩ ᠪᠠᠯᠭᠠᠰᠤᠨ ᠤ ᠡᠭᠦᠷᠭᠡ ᠴᠢᠳᠠᠪᠤᠷᠢ᠂ ᠠᠵᠢᠯ ᠤᠨ ᠲᠥᠯᠥᠪᠯᠡᠭᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠰᠠᠨᠠᠭᠤᠯᠭ᠎ᠠ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠭᠰᠠᠨ ᠪᠠ ᠲᠤᠷᠰᠢᠯᠭ᠎ᠠ ᠪᠠᠨ ᠰᠣᠯᠢᠯᠴᠠᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠦᠷᠭᠡᠨ ᠪᠠᠶᠢᠴᠠᠭᠠᠯᠲᠠ ᠶᠢᠨ ᠥᠯᠢᠭᠡᠷ ᠠᠪᠬᠤ᠂ | ᠲᠦᠷᠭᠡᠨ ᠬᠡᠮᠵᠢᠬᠦ᠂ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢᠨ ᠲᠠᠪᠴᠠᠩ ᠢ ᠲᠣᠭᠤᠷᠢᠨ ᠪᠠᠶᠢᠴᠠᠭᠠᠬᠤ | ᠵᠡᠷᠭᠡ ᠲᠤᠬᠠᠶᠢᠯᠠᠭᠰᠠᠨ ᠠᠵᠢᠯ ᠳᠤ ᠴᠢᠭᠯᠡᠭᠦᠯᠦᠨ ᠲᠣᠰ ᠲᠣᠰ ᠪᠣᠯᠪᠠᠰᠤᠷᠠᠯ ᠢᠶᠠᠷ ᠬᠢᠴᠢᠶᠡᠯᠯᠡᠬᠦ ᠶᠢᠨ ᠬᠠᠮᠲᠤ ᠰᠡᠵᠢᠭ ᠢ | ᠠᠯᠳᠠᠷᠠᠭᠠᠵᠤ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠦᠵᠡᠭᠦᠯᠦᠯᠭᠡ ᠶᠢᠨ ᠢᠰᠬᠡᠭᠦᠷ ᠤᠨ | ᠬᠤᠷᠢᠭᠯᠠᠬᠤ ᠨᠣᠷᠮ᠎ᠠ ᠶᠢᠨ ᠬᠠᠤᠯᠢ ᠶᠢᠨ ᠲᠠᠷᠢᠶᠠᠯᠠᠩ ᠤᠨ ᠦᠯᠡᠳᠡᠭᠳᠡᠯ ᠢ ᠲᠦᠷᠭᠡᠨ ᠬᠡᠮᠵᠢᠬᠦ ᠪᠠᠷ ᠳᠡᠮᠵᠢᠨ᠂ ᠰᠢᠶᠠᠩ | ᠪᠠᠯᠭᠠᠰᠤᠨ ᠤ ᠬᠢᠨᠠᠨ ᠬᠠᠮᠢᠶᠠᠷᠤᠭᠴᠢ ᠶᠢᠨ ᠲᠤᠷᠰᠢᠯᠲᠠ ᠶᠢᠨ ᠠᠵᠢᠯᠯᠠᠬᠤ ᠤᠷ᠎ᠠ ᠴᠢᠳᠠᠪᠤᠷᠢ ᠵᠢᠴᠢ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ | ᠬᠤᠷᠠᠯ ᠤᠨ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ ᠡᠯ᠎ᠡ | ᠰᠢᠶᠠᠩ ᠪᠠᠯᠭᠠᠰᠤᠨ ᠳᠤ ᠴᠠᠪᠠᠤᠯᠢᠭ ᠪᠣᠳᠠᠰ ᠤᠨ ᠲᠤᠷᠰᠢᠯᠲᠠ ᠶᠢᠨ ᠡᠮ ᠵᠢᠴᠢ ᠥᠯᠢᠭᠡᠷ ᠠᠪᠬᠤ ᠬᠠᠭᠤᠳᠠᠰᠤ᠂ | ᠲᠠᠷᠢᠶᠠᠯᠠᠩ ᠮᠠᠯ ᠤᠨ ᠡᠮ ᠤᠨ ᠴᠠᠭᠠᠵᠠᠯᠠᠬᠤ ᠶᠢ ᠴᠠᠭᠠᠵᠠᠯᠠᠬᠤ ᠡᠮ ᠬᠡᠷᠡᠭᠯᠡᠬᠦ ᠬᠠᠭᠤᠳᠠᠰᠤ᠂ ᠲᠠᠷᠢᠶᠠᠯᠠᠩ ᠤᠨ ᠠᠮᠤᠷ | ᠲᠦᠪᠰᠢᠨ ᠤ ᠲᠣᠮᠣ ᠳ᠋ᠠᠶᠢᠲ᠋ᠠ ᠶᠢ ᠬᠡᠷᠡᠭᠯᠡᠬᠦ ᠵᠦᠭᠯᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠦᠯᠵᠢᠶᠡᠵᠢᠭᠰᠡᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ | ᠭᠠᠷ ᠳᠡᠪᠲᠡᠷ ᠵᠡᠷᠭᠡ ᠮᠠᠲ᠋ᠧᠷᠢᠶᠠᠯ ᠢ ᠲᠠᠷᠬᠠᠭᠠᠪᠠ᠃ | ᠲᠣᠰ ᠤᠳᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ᠂ ᠰᠢᠶᠠᠩ ︵ᠪᠠᠯᠭᠠᠰᠤ︶ ᠬᠤᠶᠠᠷ ᠱᠠᠲᠤᠨ ᠤ | ᠲᠠᠷᠢᠶᠠᠯᠠᠩ ᠤᠨ ᠠᠮᠤᠷ ᠲᠦᠪᠰᠢᠨ ᠤ ᠰᠢᠰᠲ᠋ᠧᠮ ᠳᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ | ᠰᠡᠳᠬᠢᠴᠡ ᠪᠠᠨ ᠲᠣᠳᠣᠷᠬᠠᠶ ᠪᠣᠯᠭᠠᠨ᠂ ᠬᠠᠮᠲᠤ ᠶᠢᠨ ᠲᠠᠨᠢᠯᠲᠠ ᠲᠠᠢ ᠪᠣᠯᠵᠣ᠂ ᠮᠠᠨ ᠤ ᠬᠤᠰᠢᠭᠤᠨ ᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠬᠠᠮᠲᠤ ᠪᠠᠷ ᠰᠠᠶᠢᠲᠤᠷ ᠰᠠᠬᠢᠬᠤ ᠶᠢᠨ ᠲᠥᠯᠥᠭᠡ ᠬᠠᠮᠤᠭ ᠤᠨ ᠶᠡᠭᠡ ᠨᠡᠶᠢᠯᠡᠮᠡᠯ ᠬᠦᠴᠦᠨ ᠢᠶᠠᠨ | ᠪᠠᠳᠠᠷᠠᠭᠤᠯᠬᠤ ᠳᠤ ᠲᠥᠯᠥᠪᠵᠢᠭᠦᠯᠭᠡ ᠪᠠ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ |