ᠬᠠᠷᠢᠶᠠᠲᠤ ᠣᠷᠣᠨ ᠤ ᠳᠣᠲᠣᠷᠠᠬᠢ ᠳᠠᠷᠤᠯᠲᠠᠲᠤ ᠬᠤᠭᠤᠯᠠᠶ ᠶᠢᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠪᠥᠬᠦ | ᠲᠠᠯ᠎ᠠ ᠪᠠᠷ ᠴᠡᠭᠴᠡᠯᠡᠨ ᠵᠠᠰᠠᠵᠤ᠂ ᠳᠠᠷᠤᠯᠲᠠᠲᠤ ᠬᠤᠭᠤᠯᠠᠶ ᠶᠢᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ | ᠬᠦᠴᠦᠯᠡᠨ ᠰᠡᠷᠭᠡᠶᠢᠯᠡᠨ ᠠᠷᠢᠯᠭᠠᠵᠤ᠂ ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠠᠤᠯᠢ ᠶᠣᠰᠣᠭᠠᠷ | ᠵᠢᠷᠤᠮᠵᠢᠭᠤᠯᠤᠨ ᠦᠢᠯᠡᠳᠪᠦᠷᠢᠯᠡᠭᠦᠯᠵᠦ᠂ ᠳᠠᠷᠤᠯᠲᠠᠲᠤ ᠬᠤᠭᠤᠯᠠᠶ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠡᠬᠡ | ᠲᠠᠩᠰᠠ ᠪᠠᠶᠢᠭᠤᠯᠤᠨ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠤᠯᠠᠭᠠᠨ ᠱᠤᠭᠤᠮ ᠢ | ᠴᠢᠩᠭ᠎ᠠ ᠰᠠᠬᠢᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠳᠣᠲᠣᠷᠠᠬᠢ ᠤᠭᠰᠠᠷᠠᠵᠤ ᠬᠢᠨᠠᠯᠲᠠ ᠲᠠᠯᠪᠢᠵᠤ ᠰᠢᠯᠭᠠᠨ | ᠪᠠᠶᠢᠴᠠᠭᠠᠯᠭᠠᠭᠰᠠᠨ ᠥᠬᠡᠶ᠂ ᠬᠡᠷᠡᠭᠯᠡᠬᠦ ᠶᠢ ᠳᠡᠩᠰᠡᠯᠡᠨ ᠲᠡᠮᠳᠡᠭᠯᠡᠭᠦᠯᠦᠭᠰᠡᠨ ᠥᠬᠡᠶ ᠬᠡᠷᠡᠭᠯᠡᠵᠦ ᠪᠠᠶᠢᠭ᠎ᠠ ᠠᠵᠤ | ᠦᠢᠯᠡᠳᠪᠦᠷᠢ ᠶᠢᠨ ᠬᠤᠭᠤᠯᠠᠶ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ | ᠮᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯ | ᠬᠢᠭᠰᠡᠨ ᠥᠬᠡᠶ᠂ ᠬᠡᠷᠡᠭᠯᠡᠬᠦ ᠳᠠᠩᠰᠠᠯᠠᠯᠲᠠ ᠬᠢᠭᠰᠡᠨ ᠥᠬᠡᠶ ᠠᠵᠤ ᠦᠢᠯᠡᠳᠪᠦᠷᠢ ᠶᠢᠨ ᠬᠤᠭᠤᠯᠠᠶ ᠶᠢ | ᠭᠤᠤᠯᠳᠠᠯᠭ᠎ᠠ ᠲᠠᠢ ᠪᠠᠶᠢᠴᠠᠭᠠᠵᠤ᠂ ᠡᠯ᠎ᠡ ᠬᠡᠷᠡᠭᠯᠡᠬᠦ ᠨᠢᠭᠡᠴᠡ ᠶᠢᠨ ᠠᠵᠤ ᠦᠢᠯᠡᠳᠪᠦᠷᠢ ᠶᠢᠨ ᠬᠤᠭᠤᠯᠠᠶ ᠶᠢᠨ | ᠬᠡᠷᠡᠭᠯᠡᠯᠲᠡ ᠶᠢ ᠳᠡᠩᠰᠡᠯᠡᠨ ᠲᠡᠮᠳᠡᠭᠯᠡᠭᠰᠡᠨ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ | ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠪᠡ᠃ ᠬᠡᠷᠡᠭᠯᠡᠬᠦ ᠨᠢᠭᠡᠴᠡ ᠶᠢ ᠳᠠᠷᠤᠯᠲᠠᠲᠤ ᠬᠤᠭᠤᠯᠠᠶ ᠶᠢᠨ ᠮᠡᠷᠭᠡᠵᠢᠯ ᠤᠨ | ᠮᠠᠲ᠋ᠧᠷᠢᠶᠠᠯ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠢ ᠰᠠᠷ᠎ᠠ ᠪᠦᠷᠢ ᠪᠦᠯᠬᠦᠮ ᠳᠠᠭᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠥᠪᠡᠰᠦᠪᠡᠨ | ᠪᠠᠶᠢᠴᠠᠭᠠᠭᠰᠠᠨ ᠪᠠᠶᠢᠳᠠᠯ ᠳᠤ ᠴᠢᠭᠯᠡᠭᠦᠯᠦᠨ ᠠᠰᠠᠭᠤᠳᠠᠯ ᠤᠨ ᠳᠠᠯᠳᠠ ᠬᠡᠮ ᠤᠨ ᠡᠬᠡ ᠲᠠᠩᠰᠠ ᠪᠠᠶᠢᠭᠤᠯᠬᠤ ᠶᠢᠨ | ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠠᠷᠤᠯᠲᠠᠲᠤ ᠬᠤᠭᠤᠯᠠᠢ ᠶᠢᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ | ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠣᠨᠴᠠ ᠲᠦᠷᠦᠯ ᠤᠨ ᠲᠥᠬᠦᠭᠡᠷᠦᠮᠵᠢ ᠶᠢ ᠬᠡᠷᠡᠭᠯᠡᠭᠰᠡᠨ | ᠨᠢᠭᠡᠴᠡ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ | ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠬᠠᠷᠢᠶ᠎ᠠ ᠣᠷᠣᠨ ᠤ ᠪᠠᠨ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ |