3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠯᠢ ᠷᠦᠢ ᠾᠧᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 | ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠰᠤᠷᠤᠯᠴᠠᠯᠭ᠎ᠠ ᠶᠢᠨ ᠬᠤᠷᠠᠯ ᠠᠴᠠ ᠰᠢᠨᠬᠤᠸᠠ ᠭᠤᠷᠪᠠᠨ ᠪᠦᠯᠦᠭᠯᠡᠯ ᠤᠨ ᠲᠣᠭᠠᠴᠢᠯᠠᠭᠰᠠᠨ ᠳᠤᠮᠳᠠᠳᠤ ᠤᠯᠤᠰ ᠤᠨ | ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠣᠨᠴᠠ ᠤᠷᠢᠭᠰᠠᠨ ᠰᠤᠳᠤᠯᠤᠭᠴᠢ᠂ ᠥᠪᠥᠷ ᠮᠣᠩᠭᠤᠯ ᠤᠨ | ᠤᠶᠤᠨᠲᠤ ᠬᠥᠬᠡ ᠬᠤᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ | ᠳᠠᠭᠠᠭᠠᠮᠠᠯ ᠴᠢᠤᠸᠠᠨ ᠰᠢᠨ ᠢ ᠤᠷᠢᠵᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ DeepSeek ᠮᠡᠷᠭᠡᠵᠢᠯ ᠤᠨ ᠪᠠᠶᠢᠭᠤᠯᠭ᠎ᠠ ᠶᠢᠨ ᠠᠵᠢᠯ ᠳᠤ | ᠠᠪᠴᠢᠷᠠᠭᠰᠠᠨ ᠬᠤᠪᠢᠰᠤᠯᠲᠠ ᠪᠠ ᠰᠢᠨ᠎ᠡ ᠶᠢ ᠡᠭᠦᠳᠬᠦ ᠠᠵᠠ ᠲᠣᠬᠢᠶᠠᠯ ᠢ ᠡᠵᠡᠮᠳᠡᠵᠦ᠂ ᠪᠥᠬᠦ ᠬᠤᠰᠢᠭᠤᠨ ᠤ | ᠪᠠᠶᠢᠭᠤᠯᠭ᠎ᠠ ᠶᠢᠨ ᠠᠵᠢᠯ ᠢ ᠣᠶᠤᠨᠴᠢᠯᠠᠭᠰᠠᠨ᠂ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ︔ | ᠲᠣᠰ ᠤᠳᠠᠭᠠᠨ ᠤ ᠪᠣᠯᠪᠠᠰᠤᠷᠠᠯ ᠰᠤᠷᠤᠯᠴᠠᠯᠭ᠎ᠠ ᠶᠢᠨ ᠠᠭᠤᠯᠭ᠎ᠠ ᠶᠢ ᠡᠳᠦᠷ ᠲᠤᠲᠤᠮ ᠤᠨ ᠠᠵᠢᠯ ᠳᠤ | ᠠᠭᠤᠰᠤᠯᠴᠠᠭᠤᠯᠵᠤ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠲᠦᠮᠡᠳ ᠵᠡᠭᠦᠨ ᠬᠤᠰᠢᠭᠤᠨ ᠤ ᠵᠣᠬᠢᠶᠠᠮᠠᠯ ᠣᠶᠤᠨᠴᠢ ᠴᠠᠭ ᠦᠶ᠎ᠡ ᠶᠢᠨ ᠠᠵᠤ | ᠦᠢᠯᠡᠰ ᠤᠨ ᠥᠷᠢᠰᠥᠯᠳᠦᠭᠡᠨ ᠤ ᠳᠤᠮᠳᠠ ᠴᠣᠯᠭᠤᠷᠠᠨ ᠭᠠᠷᠴᠤ᠂ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠳᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠭᠡᠵᠡᠶ᠃ | ᠬᠤᠰᠢᠭᠤᠨ ᠤ ᠤᠳᠤᠷᠢᠳᠤᠯᠭ᠎ᠠ ᠴᠧᠨ ᠰᠢ ᠯᠧ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ᠂ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ | ᠦᠢᠯᠡᠴᠢᠯᠡᠭᠡᠨ ᠤ ᠲᠥᠪ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠰᠤᠷᠤᠯᠴᠠᠯᠭ᠎ᠠ ᠳᠤ | ᠣᠷᠣᠯᠴᠠᠵᠠᠶ᠃ |