ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 28 ᠤ ᠡᠳᠦᠷ᠂ ᠲᠦᠮᠡᠳ | ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ | ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠵᠢᠷᠤᠮᠵᠢᠭᠰᠠᠨ | ᠡᠵᠡᠩᠨᠡᠯᠲᠡ ᠶᠢᠨ ᠲᠤᠰᠬᠠᠶ ᠰᠡᠳᠦᠪᠲᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠠᠷᠢᠶᠠᠲᠤ | ᠣᠷᠣᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠡᠶᠢᠲᠡ 40 ᠭᠠᠷᠤᠶ ᠬᠥᠮᠦᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠵᠢᠵᠢᠭ | ᠬᠤᠭᠤᠯᠠᠨ ᠰᠢᠷᠡᠭᠡᠨ ᠳᠤ ᠬᠤᠯᠪᠣᠭᠳᠠᠭᠰᠠᠨ ᠢᠳᠡᠭᠡᠨ ᠤᠮᠳᠠᠭᠠᠨ ᠤ ᠡᠯ᠎ᠡ ᠵᠠᠩᠭᠢᠯᠠᠭ᠎ᠠ ᠶᠢᠨ ᠢᠳᠡᠭᠡᠨ ᠤ ᠠᠮᠤᠷ | ᠲᠦᠪᠰᠢᠨ ᠤ ᠬᠠᠮᠢᠶ᠎ᠠ ᠪᠥᠬᠦᠶ ᠠᠰᠠᠭᠤᠳᠠᠯ ᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠳ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶ᠎ᠠ ᠶᠢ ᠭᠤᠤᠯᠳᠠᠯᠭ᠎ᠠ ᠲᠠᠢ | ᠴᠢᠬᠤᠯᠠᠴᠢᠯᠠᠵᠤ᠂ ᠡᠭᠦᠨ ᠳᠤ ᠬᠡᠷ ᠪᠠᠶᠢᠰᠢᠩ ᠤᠨ ᠪᠦᠲᠦᠴᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ | ᠵᠡᠷᠭᠡ ᠶᠢ ᠪᠠᠭᠲᠠᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯᠲᠠᠳ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤᠷᠠᠳᠪᠠ᠂ | ᠡᠭᠦᠨ ᠳᠤ ᠢᠳᠡᠭᠡᠨ ᠤ ᠠᠮᠤᠷ ᠲᠦᠪᠰᠢᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠭᠲᠠᠨ᠎ᠠ᠃ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠂ ᠡᠭᠦᠨ ᠳᠤ ᠭᠠᠯ ᠤᠨᠲᠠᠷᠠᠭᠠᠬᠤ | ᠪᠡᠯᠡᠳᠬᠡᠮᠵᠢ ᠶᠢᠨ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠭᠠᠯ ᠤᠨ ᠠᠶᠤᠯ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠬᠤ ᠵᠡᠷᠭᠡ ᠪᠠᠭᠲᠠᠨ᠎ᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠠᠷᠢᠶᠠᠲᠤ ᠣᠷᠣᠨ ᠤ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠠᠵᠢᠯᠲᠠᠨ ᠤ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ | ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ᠃ |