2025 ᠣᠨ ᠤ 3 ᠰᠠᠷ᠎ᠠ ᠶᠢᠨ 5 ᠤ ᠡᠳᠦᠷ᠂ ᠶᠢᠦ ᠯᠧ ᠴᠧᠩ ᠨᠡᠶᠢᠭᠡᠮ ᠲᠣᠭᠤᠷᠢᠭ ᠤᠨ ᠠᠵᠢᠯᠲᠠᠳ | ᠨᠡᠶᠢᠭᠡᠮ ᠲᠣᠭᠤᠷᠢᠭ ᠤᠨ ᠡᠮᠨᠡᠯᠭᠡ ᠶᠢᠨ ᠠᠵᠢᠯᠲᠠᠨ ᠵᠢᠴᠢ ᠳᠠᠳᠤᠯᠭ᠎ᠠ ᠬᠢᠭᠰᠡᠨ ᠤᠶᠤᠲᠠᠳ ᠲᠠᠢ ᠬᠠᠮᠲᠤᠷᠠᠨ᠂ | ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠬᠠᠮᠲᠤ ᠪᠠᠷ | ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠵᠣᠷᠢᠯᠭ᠎ᠠ ᠨᠢ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠡᠪᠡᠳᠴᠢᠨ ᠲᠠᠢ ᠪᠣᠯ ᠴᠠᠭ ᠲᠤᠬᠠᠶ ᠳᠤᠨᠢ ᠡᠮᠨᠡᠨ ᠵᠠᠰᠠᠬᠤ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠡᠪᠡᠳᠴᠢᠨ ᠥᠬᠡᠶ ᠪᠣᠯ ᠤᠷᠢᠳᠴᠢᠯᠠᠨ ᠰᠡᠷᠭᠡᠶᠢᠯᠡᠬᠦ ᠬᠠᠷᠠᠯᠲᠠ ᠶᠢ ᠡᠷᠲᠡᠬᠡᠨ | ᠰᠠᠶᠢᠲᠤᠷ ᠬᠢᠵᠦ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠢ ᠪᠠᠲᠤᠯᠠᠬᠤ | ᠪᠣᠯᠤᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠳᠠᠳᠤᠯᠭ᠎ᠠ ᠶᠢᠨ ᠰᠤᠷᠤᠭᠴᠢᠳ ᠤᠨ | ᠨᠢᠭᠲᠠ ᠬᠠᠮᠵᠢᠯᠴᠠᠭ᠎ᠠ ᠳᠣᠤᠷ᠎ᠠ᠂ ᠡᠮᠨᠡᠯᠭᠡ ᠶᠢᠨ ᠠᠵᠢᠯᠲᠠᠳ ᠡᠮᠬᠢ ᠵᠠᠮᠪᠠᠷᠠᠭ᠎ᠠ ᠲᠠᠢ ᠪᠠᠷ ᠨᠠᠰᠤᠲᠠᠨ ᠨᠢᠭᠡᠪᠦᠷᠢ ᠳᠤ | ᠨᠠᠷᠢᠨ ᠨᠢᠮᠪᠠᠶ ᠪᠡᠶ᠎ᠡ ᠶᠢᠨ ᠪᠠᠶᠢᠴᠠᠭᠠᠯᠲᠠ ᠬᠢᠵᠦ ᠥᠭᠭᠦᠭᠰᠡᠨ ᠪᠥᠭᠡᠳ ᠡᠷᠡᠭᠦᠯ ᠮᠡᠨᠳᠦ ᠶᠢᠨ ᠲᠡᠮᠳᠡᠭᠯᠡᠯ ᠢ ᠬᠢᠨᠠᠮᠠᠭᠠᠶ | ᠰᠠᠶᠢᠲᠤᠷ ᠬᠢᠭᠰᠡᠨ ᠪᠠᠶᠢᠨ᠎ᠠ᠃ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡ ᠴᠢᠰᠤᠨ | ᠰᠤᠳᠠᠯ ᠤᠨ ᠡᠪᠡᠳᠴᠢᠨ ᠵᠡᠷᠭᠡ ᠨᠠᠰᠤᠲᠠᠶᠢᠴᠤᠳ ᠲᠤ ᠦᠷᠭᠦᠯᠵᠢ ᠲᠣᠬᠢᠶᠠᠯᠳᠤᠳᠠᠭ ᠵᠢᠴᠢ ᠣᠯᠠᠨ ᠡᠭᠦᠰᠳᠡᠭ | ᠡᠪᠡᠳᠴᠢᠨ ᠳᠤ ᠴᠢᠭᠯᠡᠭᠦᠯᠦᠨ᠂ ᠡᠮᠨᠡᠯᠭᠡ ᠶᠢᠨ ᠠᠵᠢᠯᠲᠠᠳ ᠲᠤᠰᠬᠠᠶ ᠮᠡᠷᠭᠡᠵᠢᠯ ᠤᠨ ᠮᠡᠳᠡᠯᠭᠡ ᠪᠠᠷ ᠨᠠᠷᠢᠯᠢᠭ | ᠣᠨᠣᠴᠠᠲᠠᠶ ᠪᠠᠷ ᠣᠨᠣᠰᠢᠯᠠᠬᠤ ᠶᠢᠨ ᠬᠠᠮᠲᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠠᠨᠠᠭᠤᠯᠭ᠎ᠠ ᠭᠠᠷᠭᠠᠬᠤ ᠶᠢᠨ | ᠬᠠᠮᠲᠤ ᠨᠠᠰᠤᠲᠠᠶᠢᠴᠤᠳ ᠲᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ᠂ ᠡᠪᠡᠳᠴᠢᠨ ᠡᠮᠭᠡᠭ ᠢ ᠰᠡᠷᠭᠡᠶᠢᠯᠡᠬᠦ | ᠮᠡᠳᠡᠯᠭᠡ ᠶᠢ ᠬᠦᠯᠢᠴᠡᠩᠭᠦᠶ ᠪᠠᠷ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠰᠡᠳᠬᠢᠯ ᠳᠡᠭᠡᠨ | ᠭᠦᠨ ᠣᠷᠣᠭᠤᠯᠬᠤ ᠪᠠᠷ ᠴᠢᠷᠮᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠪᠠᠰᠠ ᠢᠳᠡᠪᠬᠢᠲᠡᠶ ᠪᠠᠷ ᠲᠡᠭᠦᠨ ᠳᠤ | ᠣᠷᠣᠯᠴᠠᠵᠤ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠶ | ᠬᠡᠷᠡᠭᠴᠡᠭᠡ ᠶᠢ ᠨᠠᠷᠢᠨ ᠣᠶᠢᠯᠠᠭᠠᠵᠤ᠂ ᠨᠠᠰᠤᠲᠠᠳ ᠲᠤ ᠰᠡᠳᠬᠢᠴᠡ ᠶᠢᠨ ᠵᠢᠯᠣᠭᠤᠳᠣᠯᠭ᠎ᠠ ᠪᠣᠯᠤᠨ ᠬᠠᠶᠢᠷ᠎ᠠ | ᠬᠠᠯᠠᠮᠵᠢ ᠶᠢ ᠬᠦᠷᠭᠡᠵᠦ᠂ ᠲᠡᠳᠡᠨ ᠳᠤ ᠦᠨᠡᠨ ᠪᠣᠳᠠᠲᠠᠶ ᠬᠠᠯᠠᠭᠤᠨ ᠳᠤᠯᠠᠭᠠᠨ ᠪᠠ ᠬᠦᠨᠳᠦᠳᠬᠡᠯ ᠢ ᠮᠡᠳᠡᠷᠡᠭᠦᠯᠪᠡ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠦᠷ᠎ᠡ ᠪᠦᠲᠦᠭᠡᠯ ᠢᠯᠡᠳᠲᠡ ᠪᠣᠯᠵᠣ᠂ | ᠨᠠᠰᠤᠲᠠᠶᠢᠴᠤᠳ ᠤᠨ ᠲᠣᠰ ᠪᠡᠶ᠎ᠡ ᠶᠢᠨ ᠪᠠᠶᠢᠳᠠᠯ ᠤᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠵᠣ᠂ ᠲᠤᠰᠬᠠᠶ | ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ ᠪᠠ ᠥᠪᠡᠷᠮᠢᠴᠡ ᠡᠮᠴᠢᠯᠡᠭᠡᠨ ᠤ ᠲᠥᠰᠦᠯ ᠢ ᠣᠯᠵᠤ᠂ ᠡᠷᠡᠭᠦᠯ | ᠮᠡᠨᠳᠦ ᠶᠢᠨ ᠤᠬᠠᠮᠰᠠᠷ ᠴᠤ ᠶᠡᠭᠡ ᠪᠠᠷ ᠳᠡᠭᠡᠭᠰᠢᠯᠡᠪᠡ᠃ ᠡᠨᠡ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ | ᠨᠡᠶᠢᠭᠡᠮ ᠲᠣᠭᠤᠷᠢᠭ ᠤᠨ ᠬᠠᠯᠠᠮᠵᠢᠯᠠᠯ ᠵᠢᠴᠢ ᠨᠠᠰᠤᠲᠠᠶᠢᠴᠤᠳ ᠤᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠵᠤ | ᠬᠠᠷᠢᠯᠴᠠᠨ ᠬᠠᠶᠢᠷᠠᠯᠠᠬᠤ ᠬᠠᠯᠠᠭᠤᠨ ᠳᠤᠯᠠᠭᠠᠨ ᠠᠭᠤᠷ ᠠᠮᠢᠰᠬᠤᠯ ᠢ ᠦᠨᠡᠨ ᠬᠦ ᠮᠡᠳᠡᠷᠡᠭᠦᠯᠦᠭᠰᠡᠨ ᠢᠶᠠᠷ ᠪᠠᠷᠠᠬᠤ | ᠥᠬᠡᠶ᠂ ᠲᠡᠳᠡᠨ ᠤ ᠨᠡᠶᠢᠭᠡᠮ ᠲᠣᠭᠤᠷᠢᠭ ᠲᠤ ᠬᠠᠷᠢᠶᠠᠯᠠᠭᠳᠠᠬᠤ ᠰᠡᠳᠬᠢᠯᠭᠡ ᠶᠢ ᠨᠠᠩ ᠨᠡᠮᠡᠭᠳᠡᠭᠦᠯᠵᠦ᠂ ᠥᠲᠡᠯᠦᠭᠡ | ᠨᠠᠰᠤᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠲᠤ ᠭᠦᠨ | ᠵᠤᠵᠠᠭᠠᠨ ᠬᠠᠶᠢᠷ᠎ᠠ ᠰᠡᠳᠬᠢᠯᠭᠡ ᠪᠠ ᠢᠳᠡᠪᠬᠢ ᠬᠦᠴᠦᠨ ᠢ ᠳᠠᠮᠵᠢᠭᠤᠯᠵᠤ ᠪᠠᠶᠢᠳᠠᠭ᠃ |