ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/6
    ᠯᠸᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠳᠤᠳᠤᠮ ᠤᠨ ᠪᠠ ᠠᠵᠢᠯ ᠳᠠᠭᠠᠨ ᠠᠭᠤᠰᠤᠯᠴᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢᠨ ᠲᠥᠯᠥᠭᠡ᠂ 2025 ᠣᠨ ᠤ 3 ᠰᠠᠷ᠎ᠠ ᠶᠢᠨ 5 ᠤ ᠡᠳᠦᠷ᠂ ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠤᠤᠯ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠯᠸᠢ ᠹᠧᠩ ᠠᠴᠠ ᠰᠤᠷᠤᠯᠴᠠᠵᠤ᠂ ᠪᠤᠰᠤᠳ ᠢ ᠵᠣᠷᠢᠭᠤᠯᠬᠤ᠂ ᠥᠪᠡᠷ ᠢ ᠪᠠᠨ ᠳᠡᠭᠡᠭᠰᠢᠯᠡᠭᠦᠯᠬᠦ︾ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠦᠵᠡᠭᠦᠯᠭᠡ ᠶᠢᠨ ᠲᠠᠪᠴᠠᠩ ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠵᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠡᠯᠭᠦᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠭᠠᠷ ᠳᠡᠪᠲᠡᠷ ᠪᠣᠯᠤᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠴᠡᠷᠢᠭ ᠢ ᠰᠢᠯᠵᠢᠭᠦᠯᠦᠨ ᠲᠥᠪᠬᠢᠨᠡᠭᠦᠯᠬᠦ᠂ ᠠᠰᠠᠷᠠᠮᠵᠢ ᠬᠠᠷᠠᠭᠠᠯᠵᠠᠯ᠂ ᠬᠤᠶᠠᠷ ᠢ ᠬᠦᠷᠢᠶᠡᠯᠡᠬᠦ ᠵᠡᠷᠭᠡ ᠡᠯ᠎ᠡ ᠵᠦᠢᠯ ᠤᠨ ᠠᠵᠢᠯ ᠤᠨ ᠵᠠᠷᠴᠢᠮ ᠢ ᠲᠠᠶᠢᠯᠪᠤᠷᠢᠯᠠᠵᠤ ᠥᠭᠪᠡ᠃ ᠡᠭᠦᠨ ᠤ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠨᠠᠷᠢᠨ ᠬᠢᠨᠠᠮᠠᠭᠠᠶ ᠬᠠᠷᠢᠭᠤᠯᠲᠠ ᠥᠭᠴᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠩ ᠣᠯᠠᠨ ᠲᠦᠮᠡᠨ ᠲᠠᠢ ᠣᠶᠢᠷᠠᠲᠤᠭᠤᠯᠪᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠯᠸᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠪᠢᠰᠬᠠᠯ ᠤᠨ ᠠᠮᠢᠨ ᠰᠤᠳᠠᠰᠤ ᠶᠢ ᠤᠯᠠᠮᠵᠢᠯᠠᠵᠤ᠂ ᠯᠸᠢ ᠹᠧᠩ ᠤᠨ ᠵᠣᠷᠢᠭ ᠰᠠᠨᠠᠭ᠎ᠠ ᠪᠣᠯᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠶᠠᠯᠳᠤᠭᠤᠯᠵᠤ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠦᠨᠡᠨ ᠬᠦ ᠦᠨᠡᠨ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠢ ᠨᠡᠶᠢᠭᠡᠮ ᠳᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠳᠤᠮᠳᠠ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠲᠣᠰ ᠪᠡᠶ᠎ᠡ ᠶᠢᠨ ᠦᠨ᠎ᠡ ᠥᠷᠲᠡᠭ ᠢ ᠢᠯᠡᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠭᠤᠯᠪᠠ᠃    ᠯᠧᠢ ᠹᠧᠩ ᠠᠴᠠ ᠰᠤᠷᠤᠯᠴᠠᠬᠤ ᠨᠢ ᠡᠳᠦᠷ ᠪᠦᠷᠢ ᠵᠣᠷᠢᠭ ᠰᠠᠨᠠᠭ᠎ᠠ ᠨᠢ ᠪᠠᠷᠢᠮᠲᠠᠯᠠᠬᠤ ᠳᠤ ᠪᠠᠢᠨ᠎ᠠ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠥᠬᠦ ᠬᠤᠰᠢᠭᠤᠨ ᠤ ᠴᠡᠷᠢᠭ ᠠᠷᠠᠳ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠵᠤ᠂ ᠰᠢᠨ᠎ᠡ ᠴᠠᠭ ᠦᠶ᠎ᠡ ᠶᠢᠨ ᠯᠸᠢ ᠹᠧᠩ ᠤᠨ ᠥᠯᠢᠭᠡᠷ ᠢ ᠬᠠᠮᠲᠤ ᠪᠠᠷ ᠪᠢᠴᠢᠭᠯᠡᠬᠦ ᠶᠢ ᠤᠷᠢᠶᠠᠯᠠᠪᠠ᠃
 
ᠢᠷᠡᠯᠲᠡ᠄ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号