ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠰᠡᠳᠦᠪ ᠰᠣᠩᠭᠤᠬᠤ ᠲᠥᠰᠦᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
    ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠰᠡᠳᠦᠪ ᠢ ᠰᠣᠩᠭᠤᠬᠤ ᠰᠡᠳᠤᠪ ᠤᠨ ᠬᠤᠷᠠᠯ ᠬᠤᠷᠠᠯᠳᠤᠭᠤᠯᠵᠤ᠂ ᠬᠤᠷᠠᠯ ᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠣᠣ ᠬᠤᠸᠠ ᠡᠷᠭᠢᠯᠡᠪᠡ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠣᠳᠣᠬᠠᠨ ᠤ ᠨᠡᠶᠢᠭᠡᠮ ᠤᠨ ᠬᠠᠯᠠᠭᠤᠨ ᠴᠡᠭ ᠪᠠ ᠠᠷᠠᠳ ᠤᠨ ᠠᠮᠢᠳᠤᠷᠠᠯ ᠤᠨ ᠠᠰᠠᠭᠤᠳᠠᠯ ᠲᠠᠢ ᠤᠶᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠤ ᠰᠡᠳᠦᠪ ᠰᠣᠩᠭᠤᠬᠤ ᠴᠢᠭᠯᠡᠯ ᠤᠨ ᠲᠣᠭᠤᠷᠢᠨ ᠳᠤ ᠬᠥᠭᠵᠢᠶᠡᠨᠲᠡᠶ ᠶᠠᠷᠢᠯᠴᠠᠭᠰᠠᠨ ᠪᠥᠭᠡᠳ ᠮᠠᠰᠢ ᠣᠯᠠᠨ ᠬᠠᠨᠳᠤᠯᠭᠠᠲᠤ ᠴᠢᠨᠠᠷᠲᠠᠶ ᠰᠡᠳᠦᠪ ᠰᠣᠩᠭᠤᠬᠤ ᠲᠥᠯᠥᠪᠯᠡᠭᠡ ᠳᠤᠷᠠᠳᠴᠠᠶ᠃ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ ᠳᠤᠮᠳᠠ ᠪᠠᠨ ᠭᠦᠨᠵᠡᠭᠡᠢ ᠰᠤᠷᠤᠯᠴᠠᠵᠤ᠂ ᠰᠡᠳᠬᠢᠨ ᠪᠣᠳᠣᠯᠬᠢᠯᠠᠬᠤ ᠪᠠᠨ ᠴᠢᠩᠭᠠᠳᠬᠠᠵᠤ᠂ ᠰᠡᠳᠬᠢᠬᠦᠢ ᠪᠠᠨ ᠥᠷᠭᠡᠳᠬᠡᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠲᠤᠰ ᠤᠨ ᠰᠡᠳᠦᠪ ᠢᠶᠠᠨ ᠦᠨᠳᠦᠰᠦᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠴᠢᠨᠠᠷ ᠰᠠᠶᠢᠲᠠᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠢᠳᠡᠪᠬᠢᠲᠡᠢ ᠪᠢᠴᠢᠵᠦ᠂ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠪᠦᠲᠦᠮᠵᠢᠲᠡᠢ ᠯᠠᠪᠯᠠᠯᠲᠠ ᠬᠠᠩᠭᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ︔ ᠰᠡᠳᠦᠪ ᠰᠣᠩᠭᠤᠬᠤ ᠲᠠᠯ᠎ᠠ ᠪᠠᠷ ᠲᠠᠬᠢᠨ ᠣᠨᠣᠪᠴᠢᠲᠠᠢ ᠪᠠᠶᠢᠯᠭᠠᠵᠤ᠂ ᠮᠡᠳᠡᠭᠡ ᠵᠠᠩᠭᠢ ᠶᠢᠨ ᠬᠡᠷᠡᠭᠴᠡᠭᠡ ᠶᠢ ᠦᠨᠳᠦᠰᠦᠯᠡᠨ ᠴᠢᠭᠯᠡᠯ ᠤᠨ ᠲᠠᠯ᠎ᠠ ᠶᠢᠨ ᠲᠤᠬᠢᠷᠠᠭᠤᠯᠤᠯᠳᠠ ᠶᠢ ᠬᠢᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠮᠡᠳ ᠵᠡᠭᠦᠨ ᠬᠤᠰᠢᠭᠤᠨ ᠤ ︽ᠵᠢᠷᠭᠤᠭᠠᠨ ᠠᠵᠢᠯᠯᠠᠭ᠎ᠠ︾ ᠶᠢᠨ ᠭᠤᠣᠯ ᠡᠭᠦᠷᠭᠡ ᠶᠢ ᠭᠦᠨᠵᠡᠭᠡᠢ ᠠᠬᠢᠭᠤᠯᠬᠤ ᠶᠢ ᠨᠠᠷᠢᠨ ᠨᠢᠮᠪᠠᠢ ᠲᠥᠯᠥᠪᠵᠢᠭᠦᠯᠵᠦ᠂ ᠰᠡᠳᠦᠪ ᠰᠣᠩᠭᠤᠬᠤ ᠣᠨᠣᠪᠴᠢ ᠶᠢᠨ ᠬᠡᠮᠵᠢᠶ᠎ᠡ᠂ ᠮᠡᠳᠡᠭᠡ ᠵᠠᠩᠭᠢ ᠶᠢᠨ ᠬᠦᠨᠳᠦᠴᠡ ᠶᠢᠨ ᠬᠡᠮᠵᠢᠶ᠎ᠡ ᠪᠠ ᠬᠡᠷᠡᠭᠯᠡᠯᠲᠡ ᠶᠢᠨ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ︔ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠠᠷᠭ᠎ᠠ ᠵᠠᠮ ᠤᠨ ᠢᠷᠡᠯᠳᠡ ᠶᠢ ᠥᠷᠭᠡᠳᠬᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠣᠷᠣᠯᠴᠠᠵᠠᠶ᠃
 
ᠢᠷᠡᠯᠲᠡ᠄ ᠤᠯᠤᠰ ᠲᠥᠷᠥ ᠶᠢᠨ ᠵᠥᠪᠯᠡᠯᠭᠡᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号