ᠬᠠᠷᠢᠶᠠᠲᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 2025 ᠣᠨ ᠤ 4 ᠰᠠᠷ᠎ᠠ ᠶᠢᠨ 1 ᠤ ᠡᠳᠦᠷ᠂ | ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ | ᠭᠡᠷ ᠠᠴᠠ ᠬᠠᠷᠢᠶ᠎ᠠ ᠣᠷᠣᠨ ᠤ ᠪᠠᠨ ᠲᠦᠮᠡᠳ ᠵᠡᠭᠦᠨ ᠬᠤᠰᠢᠭᠤᠨ ᠤ ᠬᠤᠩ ᠡᠦ ᠰᠢᠩ ᠬᠤᠪᠴᠠᠰᠤᠨ ᠤ | ᠦᠢᠯᠡᠳᠪᠦᠷᠢ ᠳᠤ ᠠᠮᠤᠷ ᠲᠦᠪᠰᠢᠨ ᠤ ᠪᠠᠶᠢᠴᠠᠭᠠᠯᠲᠠ ᠶᠢᠨ ᠪᠦᠬᠦ ᠲᠠᠯ᠎ᠠ ᠶᠢᠨ ᠨᠠᠷᠢᠨ ᠪᠠᠶᠢᠴᠠᠭᠠᠯᠲᠠ ᠶᠢᠨ ᠠᠵᠢᠯᠯᠠᠭ᠎ᠠ | ᠥᠷᠨᠢᠭᠦᠯᠪᠡ᠃ | ᠠᠵᠢᠯᠲᠠᠳ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠬᠤᠪᠴᠠᠰᠤᠨ ᠤ | ᠦᠢᠯᠡᠳᠪᠦᠷᠢ ᠶᠢᠨ ᠦᠢᠯᠡᠳᠪᠦᠷᠢᠯᠡᠯ ᠤᠨ ᠲᠠᠰᠤᠭ᠂ ᠬᠥᠮᠥᠷᠭᠡ᠂ ᠴᠠᠬᠢᠯᠭᠠᠨ ᠲᠦᠭᠡᠭᠡᠬᠦ ᠲᠠᠰᠤᠭ ᠵᠡᠷᠭᠡ ᠣᠷᠣᠨ | ᠪᠦᠰᠡ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠳᠤᠬᠢᠷᠠᠭᠤᠯᠤᠯᠳᠠ ᠪᠣᠯᠤᠨ ᠬᠠᠮᠠᠭᠠᠯᠠᠯᠲᠠ᠂ | ᠲᠠᠷᠬᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠪᠠᠶᠢᠳᠠᠯ ᠵᠢᠴᠢ ᠠᠵᠢᠯᠳᠠᠨ ᠠᠵᠢᠯᠴᠢᠨ ᠤ ᠠᠶᠤᠯᠭᠦᠢ | ᠠᠵᠢᠯᠯᠠᠭᠠᠨ ᠤ ᠵᠢᠷᠤᠮᠵᠢᠯ ᠢ ᠬᠡᠷᠡᠭᠵᠢᠭᠦᠯᠬᠦ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠨᠠᠷᠢᠨ | ᠨᠢᠮᠪᠠᠶ ᠨᠠᠷᠢᠪᠴᠢᠯᠠᠨ ᠪᠠᠶᠢᠴᠠᠭᠠᠬᠤ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠬᠤᠩ ᠡᠤ ᠰᠢᠩ | ᠬᠤᠪᠴᠠᠰᠤᠨ ᠤ ᠦᠢᠯᠡᠳᠪᠦᠷᠢ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠴᠥᠮ ᠬᠦᠴᠦᠨ ᠲᠠᠢ | ᠬᠤᠭᠤᠴᠠᠭᠠᠨ ᠳᠤ ᠪᠠᠶᠢᠵᠤ᠂ ᠣᠷᠣᠨ ᠪᠠᠶᠢᠷᠢ ᠨᠢ ᠵᠦᠶ ᠵᠣᠬᠢᠰᠲᠠᠶ᠂ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠪᠡ︔ ᠲᠠᠷᠬᠠᠭᠠᠬᠤ ᠵᠠᠮ ᠤᠨ ᠲᠡᠮᠳᠡᠭ ᠲᠣᠳᠣᠷᠬᠠᠶ᠂ ᠡᠯᠳᠡᠪ ᠶᠠᠭᠤᠮ᠎ᠠ ᠪᠥᠭᠯᠡᠷᠡᠬᠦ | ᠥᠬᠡᠶ︔ ᠠᠵᠢᠯᠲᠠᠨ ᠠᠵᠢᠯᠴᠢᠨ ᠤ ᠠᠵᠢᠯᠯᠠᠭ᠎ᠠ ᠨᠢ ᠵᠢᠷᠤᠮᠵᠢᠭᠤᠨ᠂ ᠠᠮᠤᠷ ᠲᠦᠪᠰᠢᠨ ᠤ ᠤᠬᠠᠮᠰᠠᠷ ᠢᠶᠠᠷ ᠨᠡᠯᠢᠶᠡᠳ | ᠴᠢᠩᠭ᠎ᠠ᠃ ᠪᠦᠬᠦᠯᠢ ᠴᠣᠭᠴᠠ ᠳᠤ ᠨᠢ ᠠᠮᠤᠷ ᠲᠦᠪᠰᠢᠨ ᠤ ᠳᠠᠯᠳᠠ ᠭᠡᠮ ᠢᠯᠡᠷᠡᠭᠦᠯᠦᠭᠰᠡᠨ ᠦᠭᠡᠢ᠃ | ᠲᠣᠰ ᠤᠳᠠᠭᠠᠨ ᠤ ᠪᠠᠶᠢᠴᠠᠭᠠᠯᠲᠠ ᠨᠢ ᠬᠤᠪᠴᠠᠰᠤᠨ ᠤ ᠦᠢᠯᠡᠳᠪᠦᠷᠢ ᠶᠢᠨ ᠠᠶᠤᠯᠭᠦᠶ ᠦᠢᠯᠡᠳᠪᠦᠷᠢᠯᠡᠯ ᠤᠨ | ᠣᠷᠴᠢᠨ ᠲᠣᠭᠤᠷᠢᠨ ᠢ ᠪᠦᠲᠦᠮᠵᠢᠲᠡᠶ ᠪᠠᠲᠤᠯᠠᠵᠤ᠂ ᠲᠠᠷᠠᠭᠠᠴᠢ ᠶᠢᠨ ᠾᠦᠢᠵᠢᠨ ᠣᠷᠣᠨ ᠪᠦᠰᠡ ᠶᠢᠨ | ᠦᠢᠯᠡᠴᠢᠯᠡᠭᠡᠨ ᠤ ᠲᠥᠪ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠬᠠᠷᠢᠶᠠᠲᠤ ᠣᠷᠣᠨ ᠤ ᠠᠵᠤ | ᠠᠬᠤᠶᠢᠯᠠᠯ ᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠳᠤ | ᠬᠦᠴᠦᠨ ᠨᠡᠮᠡᠷᠢᠯᠡᠬᠦ ᠪᠣᠯᠤᠨ᠎ᠠ᠃ |