ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2025 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/1
    ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ ᠲᠤᠰᠬᠠᠶ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠶᠢ ᠰᠤᠭᠤᠴᠢᠨ ᠪᠠᠶᠢᠴᠠᠭᠠᠪᠠ᠃    ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠶᠢᠨ ᠭᠤᠤᠯᠳᠠᠯᠭ᠎ᠠ ᠶᠢ ᠢᠳᠡᠭᠡᠨ ᠤ ᠲᠦᠭᠦᠬᠡᠶ ᠮᠠᠲ᠋ᠧᠷᠢᠶᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠥᠷᠨᠢᠭᠦᠯᠪᠡ᠃ ᠬᠠᠮᠢᠶ᠎ᠠ ᠪᠥᠬᠦᠶ ᠥᠯᠢᠭᠡᠷ ᠠᠪᠴᠤ ᠰᠢᠯᠭᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂ ︽ᠳᠥᠷᠪᠡᠨ ᠴᠠᠭᠠᠨ ᠢᠳᠡᠭᠡ︾᠂ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ᠂ ᠢᠳᠡᠰᠢᠨ ᠨᠣᠭᠤᠭ᠎ᠠ᠂ ᠵᠢᠮᠢᠰ ᠵᠡᠷᠭᠡ ᠭᠤᠤᠯᠳᠠᠯᠭ᠎ᠠ ᠲᠠᠢ ᠢᠳᠡᠭᠡᠨ ᠤ ᠮᠠᠲ᠋ᠧᠷᠢᠶᠠᠯ ᠪᠠ ᠬᠤᠭᠤᠯᠠᠨ ᠤ ᠰᠠᠪᠠ ᠬᠡᠷᠡᠭᠰᠡᠯ ᠢ ᠲᠣᠬᠢᠶᠠᠯᠳᠤᠯ ᠢᠶᠠᠷ ᠥᠯᠢᠭᠡᠷ ᠠᠪᠴᠤ᠂ ᠭᠤᠤᠯᠳᠠᠭᠤ ᠲᠠᠷᠢᠶᠠᠯᠠᠩ ᠮᠠᠯ ᠤᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ᠂ ᠢᠳᠡᠭᠡᠨ ᠤ ᠨᠡᠮᠡᠯᠲᠡ ᠡᠳ᠋ ᠪᠠ ᠬᠠᠤᠯᠢ ᠪᠤᠰᠤ ᠨᠡᠮᠡᠯᠲᠡ ᠡᠳ᠋ ᠵᠡᠷᠭᠡ ᠠᠮᠤᠷ ᠲᠦᠪᠰᠢᠨ ᠤ ᠭᠦᠢᠴᠡᠳᠭᠡᠯ ᠲᠤᠭ᠎ᠠ ᠶᠢᠨ ᠲᠣᠭᠤᠷᠢᠨ ᠳᠤ᠂ ᠰᠢᠯᠭᠠᠨ ᠪᠠᠶᠢᠴᠠᠭᠠᠵᠤ ᠰᠤᠭᠤᠴᠢᠨ ᠪᠠᠶᠢᠴᠠᠭᠠᠬᠤ ᠥᠯᠢᠭᠡᠷ ᠡᠳ᠋ ᠢ ᠨᠡᠶᠢᠲᠡ 8 ᠢᠳᠡᠭᠡᠨ ᠤ ᠶᠡᠭᠡ ᠲᠥᠷᠥᠯ 16 ᠢᠳᠡᠭᠡᠨ ᠤ ᠨᠠᠷᠢᠯᠢᠭ ᠲᠥᠷᠥᠯ ᠳᠤ ᠬᠤᠯᠪᠣᠭᠳᠠᠵᠠᠶ᠃ ᠣᠲᠣ ᠪᠣᠯᠲᠠᠯ᠎ᠠ ᠂ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠳᠡᠯᠭᠡᠭᠦᠷ ᠢ ᠨᠡᠶᠢᠲᠡ 16 ᠰᠣᠩᠭᠤᠨ ᠪᠠᠶᠢᠴᠠᠭᠠᠵᠤ᠂ ᠡᠭᠦᠨ ᠳᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠵᠢᠴᠢ ᠡᠩ ᠤᠨ ᠢᠳᠡᠭᠡᠨ ᠨᠡᠶᠢᠲᠡ 68 ᠪᠦᠯᠦᠭ ᠤᠳᠠᠭ᠎ᠠ ᠪᠠᠭᠲᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠭᠤᠴᠢᠨ ᠪᠠᠶᠢᠴᠠᠭᠠᠵᠤ ᠪᠠᠶᠢᠴᠠᠭᠠᠨ ᠰᠢᠯᠭᠠᠬᠤ ᠤᠳᠠᠭ᠎ᠠ ᠪᠠᠨ ᠨᠡᠮᠡᠭᠳᠡᠭᠦᠯᠦᠨ᠂ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠢ ᠳᠤ ᠪᠠᠶᠢᠩᠭᠤ ᠬᠢᠨᠠᠯᠲᠠ ᠲᠠᠯᠪᠢᠵᠤ᠂ ᠡᠵᠡᠩᠨᠡᠭᠴᠢ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号