ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/10
    ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠳᠤ ᠬᠢᠨᠠᠯᠲᠠ ᠪᠠᠶᠢᠴᠠᠭᠠᠯᠲᠠ ᠬᠢᠪᠡ᠃    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠣᠰ ᠲᠣᠰ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠯᠠᠨ ᠭᠤᠤᠯ ᠴᠣᠭᠴᠠ ᠶᠢᠨ ᠡᠵᠡᠩᠨᠡᠯᠲᠡ ᠶᠢᠨ ᠬᠢᠷᠢ ᠬᠡᠮ᠂ ᠦᠢᠯᠡᠳᠪᠦᠷᠢᠯᠡᠯ ᠤᠨ ᠪᠠᠶᠢᠳᠠᠯ᠂ ᠬᠤᠳᠠᠯᠳᠤᠨ ᠠᠪᠴᠤ ᠪᠣᠷᠣᠯᠠᠭᠤᠯᠤᠭᠰᠠᠨ ᠡᠬᠡ ᠲᠠᠩᠰᠠ ᠵᠢᠴᠢ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠬᠢᠮᠢ ᠶᠢᠨ ᠪᠣᠷᠲᠣᠭᠤᠷ ᠵᠡᠷᠭᠡ ᠦᠢᠯᠡᠳᠬᠦᠨ ᠤ ᠶᠠᠰᠤ ᠴᠢᠨᠠᠷ ᠲᠤ ᠪᠠᠶᠢᠴᠠᠭᠠᠯᠲᠠ ᠬᠢᠬᠦ ᠶᠢᠨ ᠬᠠᠮᠲᠤ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠨᠠᠶᠢᠳᠠᠵᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠪᠣᠷᠣᠯᠠᠭᠤᠯᠬᠤ ᠪᠠᠷ ᠪᠠᠶᠢᠭ᠎ᠠ ᠰᠦᠯᠢᠶᠣᠣ ᠪᠦᠷᠬᠦᠪᠴᠢ ᠶᠢᠨ ᠦᠢᠯᠡᠳᠬᠦᠨ ᠳᠤ ᠥᠯᠢᠭᠡᠷ ᠠᠪᠴᠤ ᠰᠢᠯᠭᠠᠨ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠪᠠᠶᠢᠭᠤᠯᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠭᠰᠠᠨ ᠪᠥᠭᠡᠳ ᠡᠵᠡᠩᠨᠡᠯᠲᠡ ᠶᠢᠨ ᠭᠤᠣᠯ ᠴᠣᠭᠴᠠ ᠳᠤ ᠬᠤᠳᠠᠯ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠪᠣᠷᠣᠯᠠᠭᠤᠯᠬᠤ ᠶᠢᠨ ᠬᠤᠣᠷ ᠬᠥᠨᠥᠭᠡᠯ ᠤᠨ ᠦᠷ᠎ᠡ ᠳ᠋ᠦᠩ᠂ ᠲᠠᠷᠢᠶᠠᠯᠠᠩ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠤᠬᠠᠭᠤᠯᠤᠨ ᠲᠠᠶᠢᠯᠪᠤᠷᠢᠯᠠᠪᠠ᠃    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠬᠦ ᠶᠢᠨ ᠬᠠᠮᠲᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠬᠤᠶᠠᠷ ᠲᠠᠯ᠎ᠠ ᠪᠠᠷ ᠢᠶᠠᠨ ᠠᠰᠢᠭ ᠬᠦᠷᠲᠡᠵᠦ ᠣᠯᠠᠨ ᠲᠠᠯ᠎ᠠ ᠪᠠᠷ ᠬᠠᠮᠲᠤ ᠪᠠᠷ ᠠᠰᠢᠭ ᠬᠦᠷᠲᠡᠬᠦ︾ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号