ᠲᠦᠮᠡᠳ ᠵᠡᠭᠦᠨ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ 2025 | ᠣᠨ ᠤ 4 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ 2025 ᠣᠨ ᠤ ᠠᠩᠬᠠᠳᠤᠭᠠᠷ ᠤᠳᠠᠭᠠᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ | ᠬᠤᠷᠠᠯ ᠠᠴᠠ ᠲᠦᠮᠡᠳ ᠵᠡᠭᠦᠨ ᠬᠤᠰᠢᠭᠤᠨ ᠤ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠤᠨ ᠠᠵᠢᠯ ᠤᠨ ᠲᠤᠰᠬᠠᠶ ᠠᠩᠭᠢ ᠶᠢ ᠪᠠᠶᠢᠭᠤᠯᠬᠤ ᠪᠠᠷ ᠲᠣᠭᠲᠠᠪᠠ᠂ ᠱᠢ ᠸᠧᠨ | ᠬᠤᠩ ᠲᠤᠰᠬᠠᠶ ᠠᠩᠭᠢ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠶᠢᠨ ᠶᠠᠨ ᠵᠥᠩ᠂ ᠯᠢᠦ | ᠵᠢᠶᠠᠨ ᠶᠢᠩ᠂ ᠵᠣᠣ ᠴᠢᠯᠠᠭᠤ᠂ ᠶᠤᠸᠠᠨ ᠯᠸᠢ ᠲᠤᠰᠬᠠᠶ ᠠᠩᠭᠢ ᠶᠢᠨ ᠳᠡᠳ᠋ ᠳᠠᠷᠤᠭ᠎ᠠ ᠶᠢᠨ ᠲᠤᠰᠢᠶᠠᠯ ᠢ | ᠬᠠᠷᠢᠭᠤᠴᠠᠵᠤ᠂ ᠲᠤᠰᠬᠠᠶ ᠠᠩᠭᠢ ᠶᠢᠨ ᠭᠡᠰᠢᠭᠦᠨ ᠨᠢ ᠵᠠᠩ ᠴᠧᠨ ᠭᠤᠸᠠᠩ᠂ ᠯᠢ ᠵᠢᠶᠦ᠋ᠨ ᠵᠢᠶᠧ᠂ ᠪᠠᠭᠠᠲᠤᠷ᠂ | ᠶᠠᠩ ᠳ᠋ᠦᠩ ᠳ᠋ᠦᠩ᠂ ᠱᠠᠩ ᠬᠠᠶ ᠵᠢᠶᠦ᠋ᠨ᠂ ᠯᠢᠦ ᠷᠦᠢ ᠹᠸᠢ᠂ ᠪᠠᠶᠠᠷ᠂ ᠳ᠋ᠦ᠋ ᠸᠧᠶ᠂ ᠳ᠋ᠦ᠋ ᠢᠦᠶ ᠴᠢᠶᠠᠨ ᠪᠣᠯᠤᠨ᠎ᠠ᠃ | | ᠬᠤᠷᠠᠯ ᠠᠴᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠷᠥᠯ ᠵᠦᠢᠯ ᠢ ᠵᠣᠯᠭᠠᠭᠤᠯᠬᠤ ᠲᠠᠰᠤᠭ᠂ ᠳᠠᠭᠠᠭᠠᠴᠢᠯᠠᠨ | ᠬᠤᠯᠪᠣᠭᠠᠯᠠᠬᠤ ᠤᠳᠤᠷᠢᠳᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠡᠯ᠎ᠡ ᠲᠥᠷᠥᠯ ᠵᠦᠢᠯ ᠢ ᠬᠡᠷᠡᠭᠵᠢᠭᠦᠯᠬᠦ ᠣᠨ ᠤ | ᠬᠤᠭᠤᠴᠠᠭ᠎ᠠ᠂ ᠪᠠᠯᠠ ᠮᠥᠩᠭᠦ ᠶᠢᠨ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠳᠤ ᠨᠠᠷᠢᠨ | ᠲᠣᠳᠣᠷᠬᠠᠶᠢᠯᠠᠯᠲᠠ ᠬᠢᠵᠦ᠂ ᠡᠯ᠎ᠡ ᠲᠠᠰᠤᠭ ᠲᠥᠷᠥᠯ ᠵᠦᠢᠯ ᠢ ᠮᠥᠷᠳᠡᠨ ᠳᠠᠭᠠᠬᠤ ᠵᠢᠴᠢ ᠬᠠᠮᠢᠶ᠎ᠠ ᠪᠥᠬᠦᠶ | ᠶᠠᠪᠤᠴᠠ ᠶᠢᠨ ᠮᠠᠲ᠋ᠧᠷᠢᠶᠠᠯ ᠢ ᠴᠤᠭᠯᠠᠭᠤᠯᠤᠨ ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ᠮᠠᠲ᠋ᠧᠷᠢᠶᠠᠯ᠂ ᠭᠠᠷᠳᠠᠮ ᠢ | ᠪᠦᠷᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ ᠭᠡᠵᠦ | ᠲᠣᠳᠣᠷᠬᠠᠶᠢᠯᠠᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠤᠯᠤᠰ ᠤᠨ | ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ | ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠦᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ᠃ |