ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠰᠠᠷᠠᠨ ᠬᠠᠷᠠᠭᠠᠯᠵᠠᠬᠤ ᠡᠲᠡᠭᠡᠳ ᠢ ᠨᠠᠮ ᠪᠠ | ᠵᠠᠰᠠᠭ ᠤᠨ ᠣᠷᠳᠣᠨ ᠠᠴᠠ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠬᠠᠷᠠᠭᠤᠯᠬᠤ ᠶᠢᠨ ᠲᠥᠯᠥᠭᠡ᠂ | ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠡᠳ᠋ ᠤᠨ | ᠶᠠᠪᠤᠳᠠᠯ ᠤᠨ ᠰᠠᠯᠠᠭ᠎ᠠ ᠮᠥᠴᠢᠷ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠶ ᠠᠬᠢᠭᠤᠯᠵᠤ᠂ | ᠡᠳ᠋ ᠤᠨ ᠵᠠᠰᠠᠭ᠂ ᠪᠠᠩᠬᠢ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠭᠤᠯᠤᠨ ᠠᠰᠠᠷᠠᠨ ᠬᠠᠷᠠᠭᠠᠯᠵᠠᠬᠤ | ᠮᠥᠩᠭᠦ ᠶᠢ ᠬᠠᠮᠤᠭ ᠤᠨ ᠲᠦᠷᠭᠡᠨ᠂ ᠬᠠᠮᠤᠭ ᠤᠨ ᠠᠮᠤᠷ ᠲᠦᠪᠰᠢᠨ ᠠᠷᠭ᠎ᠠ ᠮᠠᠶ᠋ᠢᠭ ᠢᠶᠠᠷ ᠠᠰᠠᠷᠠᠨ ᠬᠠᠷᠠᠭᠠᠯᠵᠠᠬᠤ | ᠡᠲᠡᠭᠡᠳ ᠤᠨ ᠲᠠᠩᠰᠠᠨ ᠡᠷᠦᠬᠡ ᠳᠤ ᠰᠢᠭᠤᠳ ᠬᠦᠷᠭᠡᠨ᠎ᠡ᠃ ᠡᠨᠡ ᠬᠤᠭᠤᠴᠠᠭᠠᠨ ᠳᠤ᠂ ᠡᠳ᠋ ᠤᠨ ᠶᠠᠪᠤᠳᠠᠯ ᠤᠨ | ᠠᠵᠢᠯᠲᠠᠨ ᠬᠢᠭᠡᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠨᠢᠭᠲᠠ ᠬᠠᠮᠵᠢᠯᠴᠠᠨ᠂ ᠠᠰᠠᠷᠠᠨ | ᠬᠠᠷᠠᠭᠠᠯᠵᠠᠬᠤ ᠡᠲᠡᠭᠡᠳ ᠤᠨ ᠲᠤᠭ᠎ᠠ ᠪᠠᠷᠢᠮᠲᠠ ᠶᠢ ᠳᠠᠬᠢᠨ ᠳᠠᠪᠲᠠᠨ ᠬᠠᠷᠭᠤᠭᠤᠯᠬᠤ ᠪᠠ ᠨᠠᠷᠢᠨ ᠨᠢᠮᠪᠠᠶ ᠡᠮᠬᠢᠯᠡᠵᠦ᠂ | ᠣᠯᠭᠤᠬᠤ ᠡᠲᠡᠭᠡᠳ ᠤᠨ ᠨᠠᠷᠢᠯᠢᠭ ᠣᠨᠣᠴᠠᠲᠠᠶ ᠪᠠᠶᠢᠬᠤ ᠶᠢ ᠦᠨᠡᠨᠬᠦ ᠪᠠᠲᠤᠯᠠᠵᠤ᠂ ᠣᠯᠭᠤᠬᠤ ᠵᠣᠭᠤᠰ ᠤᠨ ᠲᠤᠭ᠎ᠠ | ᠨᠢᠭᠡᠪᠦᠷᠢ ᠶᠢ ᠬᠢᠨᠠᠮᠠᠭᠠᠶ ᠬᠢᠨᠠᠨ ᠪᠤᠳᠤᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠪᠤᠷᠤᠭᠤ | ᠲᠠᠷᠬᠠᠭᠠᠬᠤ ᠥᠬᠡᠶ᠂ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠪᠠ᠃ | ᠮᠠᠨ ᠤ ᠲᠣᠪᠴᠢᠶ᠎ᠠ ᠨᠠᠷᠢᠨ ᠬᠢᠨᠠᠮᠠᠭᠠᠶ ᠬᠠᠷᠢᠭᠤᠴᠠᠬᠤ ᠣᠪᠣᠷ ᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ | ᠴᠤᠪᠤᠷᠠᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ | ᠠᠰᠠᠷᠠᠨ ᠬᠠᠷᠠᠭᠠᠯᠵᠠᠬᠤ ᠪᠠᠯᠠ ᠮᠥᠩᠭᠦ ᠨᠢᠭᠡᠪᠦᠷᠢ ᠶᠢ ᠰᠠᠶᠢᠲᠤᠷ ᠬᠠᠮᠢᠶᠠᠷᠴᠤ᠂ ᠰᠠᠶᠢᠲᠤᠷ ᠲᠠᠷᠬᠠᠭᠠᠨ ᠥᠭᠴᠦ᠂ | ᠠᠰᠠᠷᠠᠨ ᠬᠠᠷᠠᠭᠠᠯᠵᠠᠬᠤ ᠡᠲᠡᠭᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ | ᠮᠡᠳᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ | ᠭᠡᠵᠡᠢ᠃ |