ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠨᠠᠰᠤᠲᠠᠶᠢᠴᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ ᠠᠴᠠ 4 ᠰᠠᠷ᠎ᠠ ᠶᠢᠨ 11 ᠤ ᠡᠳᠦᠷ | ᠪᠣᠯᠲᠠᠯ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠵᠡᠷᠭᠡ ᠨᠢᠭᠡᠴᠡ ᠲᠠᠢ ᠬᠠᠮᠲᠤᠷᠠᠨ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠳᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠬᠡᠷ ᠪᠠᠶᠢᠰᠢᠩ ᠤᠨ ᠪᠦᠲᠦᠴᠡ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠪᠡᠯᠡᠳᠬᠡᠮᠵᠢ ᠶᠢ ᠳᠣᠭᠢᠷᠠᠭᠤᠯᠬᠤ᠂ | ᠢᠳᠡᠭᠡᠨ ᠤ ᠠᠷᠢᠭᠤᠨ ᠴᠡᠪᠡᠷ ᠤᠨ ᠬᠠᠮᠢᠶᠠᠷᠤᠯᠲᠠ᠂ ᠡᠮ ᠤᠨ ᠵᠦᠢᠯ ᠢ ᠬᠠᠳᠠᠭᠠᠯᠠᠨ ᠬᠡᠷᠡᠭᠯᠡᠬᠦ᠂ ᠴᠠᠬᠢᠯᠭᠠᠨ | ᠱᠤᠭᠤᠮ ᠢ ᠵᠢᠷᠤᠮᠵᠢᠭᠤᠯᠬᠤ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠠ᠃ ᠪᠠᠶᠢᠴᠠᠭᠠᠬᠤ | ᠶᠠᠪᠤᠴᠠ ᠳᠤ᠂ ᠠᠮᠤᠷ ᠲᠦᠪᠰᠢᠨ ᠭᠠᠷᠬᠤ ᠡᠭᠦᠳᠡᠨ ᠳᠤ ᠡᠯᠳᠡᠪ ᠪᠣᠳᠠᠰ ᠢ ᠣᠪᠣᠭᠠᠯᠠᠬᠤ᠂ ᠲᠠᠷᠬᠠᠭᠠᠬᠤ ᠵᠢᠭᠠᠯᠲᠠ | ᠲᠡᠮᠳᠡᠭ ᠳᠤᠲᠠᠭᠳᠠᠵᠤ ᠪᠠᠶᠢᠬᠤ᠂ ᠬᠡᠰᠡᠭ ᠴᠠᠬᠢᠯᠭᠠᠨ ᠱᠤᠭᠤᠮ ᠤᠨ ᠭᠤᠤᠷᠰᠤ ᠨᠡᠪᠲᠡᠯᠦᠨ ᠬᠠᠮᠠᠭᠠᠯᠠᠵᠤ ᠪᠠᠶᠢᠬᠤ᠂ | ᠭᠠᠯ ᠤᠨᠲᠠᠷᠠᠭᠠᠭᠤᠷ ᠤᠨ ᠳᠠᠷᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠠᠮᠤᠷ ᠲᠦᠪᠰᠢᠨ ᠤ ᠳᠠᠯᠳᠠ ᠭᠡᠮ | ᠪᠠᠶᠢᠬᠤ ᠶᠢ ᠣᠯᠵᠤ ᠮᠡᠳᠡᠪᠡ᠃ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ | ᠳᠤᠭᠤᠶᠢᠯᠠᠩ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠰᠠᠨᠠᠯ ᠤᠨ ᠪᠢᠴᠢᠭ | ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠬᠤ ᠶᠢ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠬᠡᠷᠡᠭ ᠢᠶᠠᠷ ᠬᠠᠤᠯᠢ ᠲᠠᠶᠢᠯᠪᠤᠷᠢᠯᠠᠬᠤ᠂ | ᠰᠡᠷᠡᠮᠵᠢᠯᠡᠭᠦᠯᠬᠦ ᠬᠥᠮᠦᠵᠢᠯ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠠᠮᠤᠷ ᠲᠦᠪᠰᠢᠨ ᠤ ᠠᠰᠠᠭᠤᠳᠠᠯ ᠤᠨ ᠵᠠᠰᠠᠯᠲᠠ ᠶᠢ ᠬᠠᠮᠵᠢᠯᠴᠠᠨ ᠠᠬᠢᠭᠤᠯᠵᠤ᠂ ᠡᠯ᠎ᠡ | ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠂ ᠨᠠᠰᠤᠲᠠᠶᠢᠴᠤᠳ ᠤᠨ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠤᠷ ᠲᠦᠪᠰᠢᠨ ᠲᠣᠭᠲᠠᠭᠤᠨ ᠨᠠᠰᠤᠵᠢᠯ ᠤᠨ | ᠣᠷᠴᠢᠨ ᠲᠣᠭᠤᠷᠢᠨ ᠢ ᠪᠣᠶ ᠪᠣᠯᠭᠠᠨ᠎ᠠ᠃ |