4 ᠰᠠᠷ᠎ᠠ ᠶᠢᠨ 11 ᠤ ᠡᠳᠦᠷ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠭᠠᠰᠤᠴᠢ | ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡ᠂ ᠴᠠᠭᠠᠰᠤᠴᠢ ᠭᠠᠯᠲᠤ ᠲᠡᠷᠭᠡᠨ ᠤ ᠥᠷᠲᠡᠭᠡ ᠵᠢᠴᠢ | ᠵᠢᠨᠴᠤᠸᠠᠨ ᠤ ᠣᠷᠣᠨ ᠪᠦᠰᠡ᠂ ᠲᠠᠪᠤᠨᠰᠠᠶᠢᠨ ᠰᠢᠶᠠᠩ᠂ ᠬᠤᠶᠢᠲᠤ ᠰᠢᠷ᠎ᠠ ᠵᠣ ᠰᠢᠶᠠᠩ ᠤᠨ ᠬᠡᠰᠡᠭ ᠵᠠᠮ ᠤᠨ | ᠬᠡᠰᠡᠭ ᠲᠤ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠮ | ᠲᠡᠭᠡᠭᠡᠪᠦᠷᠢ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠶᠢᠨ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ | ᠵᠠᠮ ᠤᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠬᠠᠤᠯᠢ | ᠪᠤᠰᠤ ᠪᠠᠷ ᠡᠵᠡᠩᠨᠡᠭᠰᠡᠨ ᠲᠡᠷᠭᠡ ᠬᠥᠰᠬᠡ ᠶᠢ ᠲᠡᠪᠴᠢᠵᠦ᠂ ᠵᠠᠰᠠᠮᠠᠯ ᠵᠠᠮ᠂ ᠵᠠᠰᠠᠮᠠᠯ ᠵᠠᠮ ᠳᠤ ᠬᠡᠷᠡᠭᠯᠡᠬᠦ ᠭᠠᠵᠠᠷ ᠵᠢᠴᠢ | ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠡᠪᠳᠡᠬᠦ ᠶᠢ ᠴᠠᠭᠠᠵᠠᠯᠠᠵᠤ᠂ ︽ᠬᠠᠷ᠎ᠠ ᠲᠡᠷᠭᠡ︾᠂ ᠠᠶᠤᠯᠲᠠᠶ | ᠬᠢᠮᠢ ᠶᠢᠨ ᠪᠣᠳᠠᠰ ᠢ ᠲᠡᠭᠡᠭᠡᠪᠦᠷᠢᠯᠡᠬᠦ ᠱᠠᠭᠠᠷᠳᠠᠯᠭ᠎ᠠ ᠵᠡᠷᠭᠡ ᠭᠠᠳᠠᠭᠰᠢ ᠭᠠᠷᠬᠤ ᠪᠠ ᠵᠥᠭᠡᠭᠡᠪᠦᠷᠢᠯᠡᠬᠦ ᠶᠡᠷᠦ ᠶᠢᠨ | ᠮᠡᠳᠡᠯᠭᠡ ᠶᠢ ᠬᠡᠷᠬᠢᠨ ᠢᠯᠭᠠᠨ ᠲᠠᠨᠢᠬᠤ ᠬᠡᠷᠡᠭᠲᠡᠶ᠃ ᠡᠭᠦᠨ ᠤ ᠬᠠᠮᠲᠤ᠂ ᠠᠵᠢᠯᠲᠠᠳ ᠲᠤᠬᠠᠶ ᠶᠢᠨ ᠲᠠᠯᠠᠪᠤᠷ ᠲᠤ ᠵᠠᠮ | ᠬᠠᠷᠢᠯᠴᠠᠭᠠᠨ ᠤ ᠠᠳᠡᠯ ᠤᠨ ᠨᠡᠶᠢᠲᠡᠯᠢᠭ ᠬᠡᠷᠡᠭ ᠤᠨ ᠵᠢᠱᠢᠶ᠎ᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠩᠬᠠᠷᠬᠤ | ᠵᠦᠢᠯᠡᠰ ᠢ ᠲᠠᠶᠢᠯᠪᠤᠷᠢᠯᠠᠬᠤ ᠶᠢᠨ ᠬᠠᠮᠲᠤ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ | ᠠᠰᠠᠭᠤᠯᠲᠠ ᠳᠤ ᠬᠠᠷᠢᠭᠤᠯᠲᠠ ᠥᠭᠴᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠮᠰᠠᠷ ᠢ ᠴᠢᠩᠭᠠᠳᠬᠠᠪᠠ᠃ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯᠲᠠᠨ ᠢᠯᠡᠷᠬᠡᠶᠢᠯᠡᠬᠦ ᠳᠡᠭᠡᠨ᠂ ᠣᠯᠠᠨ ᠬᠡᠯᠪᠡᠷᠢ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ | ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ ᠭᠡᠵᠡᠶ᠃ |