ᠱᠠᠩᠳᠠ ᠪᠠᠯᠭᠠᠰᠤ ᠨᠠᠰᠤᠵᠢᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/16
    ᠣᠶᠢᠷ᠎ᠠ ᠳᠤ᠂ ᠱᠠᠩᠳᠠ ᠪᠠᠯᠭᠠᠰᠤ ᠬᠤᠶᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠵᠠᠳᠠᠯᠤᠭᠰᠠᠨ ᠪᠥᠭᠡᠳ ᠪᠥᠬᠦ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠾᠧᠪᠸᠢ ᠶᠢᠨ ᠴᠧᠩᠳᠧ ᠶᠢᠨ ᠯᠦᠩ ᠬᠤᠸᠠ ᠰᠢᠶᠠᠨ ᠤ ︽4 · 8︾ ᠤ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠰᠡᠷᠭᠡᠶᠢᠯᠡᠬᠦ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠨᠠᠰᠤᠲᠠᠶᠢᠴᠤᠳ ᠤᠨ ᠠᠮᠢᠳᠤᠷᠠᠯ ᠤᠨ ᠣᠷᠴᠢᠨ ᠲᠣᠭᠤᠷᠢᠨ ᠤ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃    ᠬᠤᠷᠠᠯ ᠤᠨ ᠳᠠᠷᠠᠭ᠎ᠠ᠂ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠤᠨ ᠠᠵᠢᠯᠲᠠᠳ ᠬᠠᠷᠢᠶᠠᠲᠤ ᠣᠷᠣᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠨ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠡᠯᠳᠡᠪ ᠶᠠᠭᠤᠮ᠎ᠠ ᠣᠪᠣᠭᠠᠯᠠᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠭᠠᠯ ᠴᠠᠬᠢᠯᠭᠠᠨ ᠬᠡᠷᠡᠭᠯᠡᠬᠦ ᠨᠢ ᠵᠢᠷᠤᠮᠵᠢᠭᠰᠠᠨ ᠡᠰᠡᠬᠦ᠂ ᠲᠣᠭᠤᠭᠠᠨ ᠬᠡᠷ ᠲᠤ ᠭᠠᠯ ᠴᠠᠬᠢᠯᠭᠠᠨ ᠬᠡᠷᠡᠭᠯᠡᠬᠦ ᠨᠢ ᠵᠢᠷᠤᠮᠵᠢᠭᠰᠠᠨ ᠡᠰᠡᠬᠦ᠂ ᠲᠣᠭᠤᠭᠠᠨ ᠬᠡᠷ ᠤᠨ ᠭᠠᠯ ᠬᠡᠷᠡᠭᠯᠡᠬᠦ ᠳᠤ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠬᠤ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠭᠰᠠᠨ ᠪᠥᠭᠡᠳ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠪᠠᠶᠢᠴᠠᠭᠠᠯᠲᠠ ᠨᠢ ᠬᠠᠷᠢᠶᠠᠲᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠬᠠᠷᠢᠶᠠᠲᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠠᠩ ᠠᠮᠤᠷ ᠲᠦᠪᠰᠢᠨ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃
 
ᠢᠷᠡᠯᠲᠡ᠄ ᠱᠠᠩᠳᠠ ᠪᠠᠯᠭᠠᠰᠤ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号