4 ᠰᠠᠷ᠎ᠠ ᠶᠢᠨ 16 ᠤ ᠡᠳᠦᠷ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ | ᠵᠡᠷᠭᠡ ᠨᠢᠭᠡᠴᠢ ᠶᠢᠨ ᠬᠠᠮᠲᠤᠷᠠᠨ ᠥᠷᠨᠢᠭᠦᠯᠦᠭᠰᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠶᠠᠷᠢᠯᠴᠠᠬᠤ ᠠᠵᠢᠯᠯᠠᠭ᠎ᠠ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠢᠯᠲᠠᠨ ᠳᠤ ᠲᠥᠷᠥ ᠶᠢᠨ ᠪᠣᠳᠣᠯᠭ᠎ᠠ᠂ ᠬᠠᠤᠯᠢ | ᠴᠠᠭᠠᠵᠠ ᠶᠢ ᠬᠡᠷᠡᠭᠵᠢᠭᠦᠯᠦᠨ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠬᠢᠭᠡᠳ ᠠᠵᠤ ᠠᠬᠤᠶᠢᠯᠠᠯ ᠢ | ᠳᠡᠮᠵᠢᠬᠦ ᠠᠵᠢᠯᠯᠠᠭ᠎ᠠ ᠶᠢ ᠪᠦᠲᠦᠮᠵᠢᠲᠡᠶ ᠠᠬᠢᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠬᠥᠳᠡᠯᠮᠦᠷᠢ ᠶᠢᠨ | ᠪᠠᠲᠤᠯᠠᠭ᠎ᠠ ᠶᠢᠨ ᠬᠤᠶᠠᠷ ᠶᠡᠭᠡ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ | ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠢᠯᠢ | ᠪᠦᠯᠦᠭᠯᠡᠯ ᠢ ᠬᠥᠲᠥᠯᠦᠨ ᠵᠢᠯᠣᠭᠤᠳᠴᠤ ᠪᠠᠶᠢᠭᠠᠳ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠪᠣᠯᠭᠠᠨ | ᠢᠳᠡᠪᠬᠢᠲᠡᠶ ᠪᠠᠷ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠬᠦᠨᠳᠦ ᠡᠭᠦᠷᠭᠡ ᠶᠢ ᠢᠳᠡᠪᠬᠢᠲᠡᠶ ᠡᠭᠦᠷᠭᠡᠯᠡᠵᠦ | ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠪᠠ᠃ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠲᠠᠢ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ | ᠬᠥᠳᠡᠯᠮᠦᠷᠢ ᠶᠢᠨ ᠬᠠᠷᠢᠴᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠨᠠᠷᠢᠨ | ᠣᠶᠢᠯᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠲᠤᠬᠠᠶᠢᠯᠠᠭᠰᠠᠨ ᠠᠵᠢᠯ ᠢ ᠡᠷᠬᠢᠯᠡᠨ ᠭᠦᠢᠴᠡᠳᠬᠡᠬᠦ᠂ ᠦᠢᠯᠡᠴᠢᠯᠡᠭᠡᠨ ᠤ ᠪᠠᠲᠤᠯᠠᠭ᠎ᠠ ᠵᠡᠷᠭᠡ | ᠡᠯ᠎ᠡ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠥᠷᠭᠡᠨ ᠢᠶᠠᠷ ᠴᠤᠭᠯᠠᠭᠤᠯᠵᠤ᠂ | ᠮᠠᠨ ᠤ ᠲᠣᠪᠴᠢᠶ᠎ᠠ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠳᠣᠭᠢᠷᠠᠭᠤᠯᠵᠤ᠂ ᠠᠵᠤ | ᠠᠬᠤᠶᠢᠯᠠᠯ ᠢ ᠦᠨᠡᠨ ᠬᠦ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ | ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠪᠣᠯ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ | ᠠᠮᠢᠳᠤᠯᠢᠭ ᠦᠢᠯᠡᠳᠦᠯᠭᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ | ᠤᠳᠤᠷᠢᠳᠤᠮᠵᠢ ᠪᠣᠯᠭᠠᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠠ ᠴᠢᠳᠠᠪᠤᠷᠢᠲᠠᠨ ᠤ ᠬᠥᠭᠵᠢᠯᠲᠡ ᠳᠤ | ᠬᠦᠴᠦᠲᠡᠶ ᠲᠤᠯᠭᠠᠭᠤᠷᠢᠯᠠᠯ ᠬᠠᠩᠭᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠴᠢᠳᠠᠯ ᠢᠶᠠᠨ ᠡᠷᠭᠦᠨ᠎ᠡ ᠭᠡᠪᠡ᠃ |