ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ | ᠪᠠ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠶᠢᠨ | ᠲᠥᠯᠥᠭᠡ᠂ 3 ᠰᠠᠷ᠎ᠠ ᠶᠢᠨ 31 ᠤ ᠡᠳᠦᠷ᠂ ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠠᠴᠠ ᠪᠥᠬᠦ ᠬᠤᠰᠢᠭᠤᠨ ᠤ ᠲᠣᠭᠲᠠᠭᠰᠠᠨ ᠴᠡᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ | ᠪᠠᠶᠢᠳᠠᠯ ᠳᠤ ᠲᠤᠰᠬᠠᠶ ᠪᠠᠶᠢᠴᠠᠭᠠᠯᠲᠠ ᠬᠢᠪᠠ᠃ | ᠲᠣᠰ ᠤᠳᠠᠭᠠᠨ ᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠳᠦᠷ ᠲᠤᠲᠤᠮ ᠤᠨ ᠪᠠᠶᠢᠴᠠᠭᠠᠯᠲᠠ | ᠳᠤᠮᠳᠠ ᠡᠭᠦᠳᠡᠨ ᠡᠮᠨᠡᠯᠭᠡ ᠶᠢᠨ ᠡᠪᠡᠳᠴᠢᠨ ᠤ ᠥᠩᠭᠡᠷᠡᠯᠲᠡ᠂ ᠵᠣᠷ᠂ ᠣᠨᠣᠰᠢᠯᠠᠨ ᠡᠮᠨᠡᠬᠦ ᠰᠢᠰᠲ᠋ᠧᠮ ᠬᠢᠭᠡᠳ ᠡᠮ | ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠣᠨᠴᠠ | ᠵᠠᠷᠢᠮ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ ᠡᠭᠦᠳᠡᠨ ᠡᠮᠨᠡᠯᠭᠡ ᠶᠢᠨ ᠡᠪᠡᠳᠴᠢᠨ ᠤ ᠥᠩᠭᠡᠷᠡᠯᠲᠡ | ᠂ ᠵᠣᠷ ᠤᠨ ᠪᠢᠴᠢᠯᠭᠡ ᠨᠢ ᠵᠢᠷᠤᠮᠵᠢᠯ ᠥᠬᠡᠶ ᠪᠠᠶᠢᠬᠤ ᠶᠢ ᠣᠯᠵᠤ ᠮᠡᠳᠡᠪᠡᠯ᠂ ᠲᠤᠬᠠᠶ ᠶᠢᠨ ᠲᠠᠯᠠᠪᠤᠷ ᠲᠤ ᠵᠢᠯᠣᠭᠤᠳᠤᠨ | ᠠᠬᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠵᠢᠯᠣᠭᠤᠳᠬᠤ ᠶᠢᠨ ᠬᠠᠮᠲᠤ᠂ ᠠᠷᠭ᠎ᠠ ᠬᠡᠮᠵᠢᠶ᠎ᠡ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠨ᠂ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠲᠠᠨᠢᠯᠲᠠ ᠪᠠᠨ ᠳᠠᠬᠢᠨ ᠳᠡᠭᠡᠭᠰᠢᠯᠡᠭᠦᠯᠵᠦ᠂ ᠠᠷᠭ᠎ᠠ ᠬᠡᠮᠵᠢᠶ᠎ᠡ ᠪᠠᠨ ᠳᠠᠬᠢᠨ ᠴᠢᠩᠭᠠᠷᠠᠭᠤᠯᠵᠤ᠂ ᠬᠠᠷᠢᠭᠤᠴᠠᠯᠭ᠎ᠠ ᠪᠠᠨ | ᠳᠠᠬᠢᠨ ᠪᠣᠳᠠᠲᠠᠶᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠵᠤ᠂ ᠥᠷᠭᠡᠨ ᠣᠯᠠᠨ ᠡᠪᠡᠳᠴᠢᠲᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ | ᠡᠮ ᠡᠮᠨᠡᠯᠭᠡ ᠶᠢᠨ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃ | ᠪᠠᠶᠢᠴᠠᠭᠠᠯᠲᠠ ᠪᠠᠷ ᠳᠡᠮᠵᠢᠨ᠂ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠲᠣᠭᠲᠠᠭᠰᠠᠨ ᠴᠡᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ | ᠲᠣᠭᠲᠠᠭᠰᠠᠨ ᠴᠡᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ | ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠬᠠᠮᠠᠭᠠᠯᠠᠪᠠ᠃ | |