ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 157 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/2
    4 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 157 ᠳ᠋ᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠷᠦᠢ ᠾᠧᠩ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 167 ᠳ᠋ᠤᠭᠠᠷ ᠤᠳᠠᠭ᠎ᠠ᠂ 168 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 176 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠤᠤᠯ ᠤᠨ ᠠᠵᠤ ᠦᠢᠯᠡᠰ ᠤᠨ ᠰᠠᠭᠤᠷᠢᠨ ᠳᠡᠭᠡᠷ᠎ᠡ᠂ ᠦᠷᠭᠦᠯᠵᠢᠯᠡᠨ ᠬᠥᠨᠳᠡᠯᠡᠨ ᠴᠢᠭᠯᠡᠯ᠂ ᠭᠤᠯᠳᠤ ᠴᠢᠭᠯᠡᠯ ᠢᠶᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠲᠠᠯᠠᠪᠤᠷ ᠪᠣᠯᠤᠨ ᠬᠦᠷᠢᠶᠡᠨ ᠳᠤ ᠵᠢᠭᠰᠠᠭᠠᠨ ᠪᠠᠶᠢᠴᠠᠭᠠᠬᠤ ᠪᠠᠶᠢᠴᠠᠭᠠᠯᠲᠠ ᠶᠢ ᠰᠠᠶᠢᠲᠤᠷ ᠬᠢᠬᠦ ᠶᠢᠨ ᠬᠠᠮᠲᠤ ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠭᠠᠷᠬᠤ ᠶᠢ ᠬᠤᠷᠢᠭᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠦᠬᠦᠢ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号