ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠡᠳᠦᠷ ᠲᠤᠲᠤᠮ ᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/21
    ᠣᠶᠢᠷ᠎ᠠ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠣᠷᠣᠨ ᠰᠠᠭᠤᠴᠠ ᠶᠢᠨ ᠲᠣᠭᠤᠷᠢᠭ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠡᠳᠦᠷ ᠲᠤᠲᠤᠮ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠨᠢ 10 ᠵᠢᠵᠢᠭ ᠲᠣᠭᠤᠷᠢᠭ ᠢ ᠬᠠᠮᠤᠷᠴᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠠᠭᠠᠯᠠᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠠ᠃    ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠣᠯᠠᠩᠬᠢ ᠵᠢᠵᠢᠭ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡ ᠨᠡᠯᠢᠶᠡᠳ ᠵᠢᠷᠤᠮᠵᠢᠭᠰᠠᠨ᠂ ᠣᠯᠠᠨ ᠨᠡᠶᠢᠲᠡ ᠶᠢᠨ ᠪᠡᠯᠡᠳᠬᠡᠮᠵᠢ ᠶᠢ ᠰᠠᠶᠢᠨ ᠬᠠᠮᠠᠭᠠᠯᠠᠵᠤ ᠪᠠᠶᠢᠨ᠎ᠠ᠂ ᠭᠡᠪᠡᠴᠦ ᠣᠨᠴᠠ ᠵᠠᠷᠢᠮ ᠵᠢᠵᠢᠭ ᠲᠣᠭᠤᠷᠢᠭ ᠲᠤ ᠮᠥᠨ ᠬᠦ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠭᠠᠯ ᠤᠨᠲᠠᠷᠠᠭᠠᠬᠤ ᠵᠠᠮ ᠪᠥᠭᠯᠡᠷᠡᠬᠦ᠂ ᠣᠷᠴᠢᠨ ᠠᠬᠤᠶ ᠶᠢᠨ ᠠᠷᠢᠭᠤᠨ ᠴᠡᠪᠡᠷ ᠢ ᠴᠠᠭ ᠲᠤᠬᠠᠶ ᠳᠤᠨᠢ ᠴᠡᠪᠡᠷᠯᠡᠬᠦ᠂ ᠪᠡᠯᠡᠳᠬᠡᠮᠵᠢ ᠶᠢ ᠰᠡᠯᠪᠢᠨ ᠵᠠᠰᠠᠬᠤ ᠳᠤ ᠤᠳᠠᠭᠠᠨ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠲᠤᠬᠠᠶ ᠶᠢᠨ ᠲᠠᠯᠠᠪᠤᠷ ᠲᠤ 6 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠦᠷᠭᠦᠯᠵᠢᠯᠡᠨ ᠳᠠᠭᠠᠵᠤ᠂ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠠᠳᠠᠯ ᠠᠬᠤᠶ ᠶᠢᠨ ᠠᠵᠤ ᠠᠬᠤᠶᠢᠯᠠᠯ ᠢ ᠴᠢᠩᠭ᠎ᠠ ᠰᠢᠢᠳᠪᠦᠷᠢᠯᠡᠨ᠎ᠡ᠃ ᠡᠭᠦᠨ ᠤ ᠬᠠᠮᠲᠤ᠂ ᠠᠳᠠᠯ ᠠᠬᠤᠶ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号