ᠰᠢᠲᠠᠮᠠᠬᠠᠶ ᠬᠡᠶ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ | ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ | ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ | ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠮᠠᠨ ᠤ ᠲᠣᠪᠴᠢᠶ᠎ᠠ ︽ᠪᠥᠬᠦ ᠬᠡᠯᠬᠢᠶ᠎ᠡ᠂ ᠥᠴᠦᠬᠡᠨ ᠴᠦ ᠠᠭᠤᠴᠢᠯᠠᠬᠤ ᠥᠬᠡᠶ︾ | ᠪᠠᠷ ᠵᠠᠷᠴᠢᠮ ᠪᠣᠯᠭᠠᠵᠤ᠂ ᠡᠯ᠎ᠡ ᠬᠡᠷᠡᠭᠯᠡᠬᠦ ᠨᠢᠭᠡᠴᠡ ᠳᠤ ᠪᠥᠬᠦ ᠲᠠᠯ᠎ᠠ ᠪᠠᠷ ︽ᠬᠡᠪᠢᠰ ᠮᠠᠶ᠋ᠢᠭ︾ ᠤᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠢᠳᠡᠭᠡᠨ ᠤᠮᠳᠠᠭᠠᠨ ᠤ ᠲᠠᠯᠠᠪᠤᠷ᠂ ᠰᠤᠷᠭᠠᠭᠤᠯᠢ᠂ | ᠡᠮᠨᠡᠯᠭᠡ ᠶᠢᠨ ᠬᠤᠷᠢᠶ᠎ᠠ ᠵᠢᠴᠢ ᠰᠢᠲᠠᠮᠠᠬᠠᠶ ᠬᠡᠶ ᠶᠢᠨ ᠠᠵᠤ ᠠᠬᠤᠶᠢᠯᠠᠯ ᠵᠡᠷᠭᠡ ᠵᠠᠩᠭᠢᠯᠠᠭ᠎ᠠ ᠶᠢᠨ ᠲᠠᠯᠠᠪᠤᠷ ᠭᠠᠵᠠᠷ ᠢ | ᠭᠤᠤᠯᠳᠠᠯᠭ᠎ᠠ ᠲᠠᠢ ᠪᠠᠶᠢᠴᠠᠭᠠᠪᠠ᠃ ᠨᠢᠭᠡ ᠳᠤ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠶ ᠶᠢ ᠬᠡᠷᠡᠭᠯᠡᠭᠰᠡᠨ ᠪᠠ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ ᠢ ᠪᠠᠶᠢᠴᠠᠭᠠᠵᠤ᠂ ᠠᠮᠤᠷ ᠲᠦᠪᠰᠢᠨ ᠤ | ᠨᠡᠭᠡᠯᠡᠬᠡᠶ᠂ ᠳᠠᠷᠤᠯᠲᠠ ᠶᠢᠨ ᠬᠦᠰᠦᠨᠦᠭᠲᠦ ᠵᠡᠷᠭᠡ ᠠᠮᠤᠷ ᠲᠦᠪᠰᠢᠨ ᠤ ᠳᠠᠭᠠᠯᠳᠤᠭᠤᠯᠤᠯ ᠢ ᠰᠢᠯᠭᠠᠨ ᠲᠣᠭᠲᠠᠭᠠᠭᠰᠠᠨ | ᠮᠡᠳᠡᠭᠦᠯᠦᠯᠲᠡ ᠶᠢ ᠪᠠᠶᠢᠴᠠᠭᠠᠵᠤ᠂ ᠬᠡᠷᠡᠭᠯᠡᠬᠦ ᠣᠨᠴᠠ ᠲᠥᠷᠥᠯ ᠤᠨ ᠲᠣᠨᠤᠭ ᠲᠥᠬᠦᠭᠡᠷᠦᠮᠵᠢ ᠨᠢ ᠴᠥᠮ ᠬᠠᠤᠯᠢ | ᠲᠣᠭᠲᠠᠭᠠᠯ ᠳᠤ ᠨᠡᠶᠢᠴᠡᠬᠦ ᠲᠣᠨᠤᠭ ᠲᠥᠬᠦᠭᠡᠷᠦᠮᠵᠢ ᠪᠣᠯᠬᠤ ᠶᠢ ᠦᠨᠡᠨᠬᠦ ᠪᠠᠲᠤᠯᠠᠪᠠ᠃ ᠬᠤᠶᠠᠷ ᠲᠤ᠂ ᠡᠯ᠎ᠡ ᠬᠡᠷᠡᠭᠯᠡᠬᠦ | ᠨᠢᠭᠡᠴᠡ ᠶᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ | ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠰᠣᠷᠢᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠰᠣᠷᠢᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠪᠠᠴᠢᠮ | ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠦᠨᠡᠮᠯᠡᠯ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠢ ᠲᠣᠮᠢᠯᠠᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠠᠵᠢᠯᠲᠠᠨ ᠵᠢᠴᠢ ᠬᠠᠮᠢᠶᠠᠷᠤᠯᠲᠠ ᠶᠢᠨ ᠠᠵᠢᠯᠲᠠᠨ ᠤ | ᠦᠨᠡᠮᠯᠡᠯ ᠳᠤ ᠤᠷᠢᠵᠤ ᠬᠡᠷᠡᠭᠯᠡᠭᠰᠡᠨ ᠲᠡᠮᠳᠡᠭᠯᠡᠯ ᠲᠠᠭᠯᠠᠨ ᠪᠢᠴᠢᠭᠰᠡᠨ ᠡᠰᠡᠬᠦ᠂ ᠦᠨᠡᠮᠯᠡᠯ ᠢᠶᠠᠷ ᠠᠵᠢᠯ ᠤᠨ ᠪᠠᠶᠢᠷᠢ ᠳᠤ | ᠭᠠᠷᠤᠭᠰᠠᠨ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ︽ᠬᠤᠶᠠᠷ ᠲᠣᠭᠲᠠᠭᠠᠯ︾ ᠤᠨ ᠶᠣᠰᠣᠭᠠᠷ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠭᠰᠠᠨ ᠡᠰᠡᠬᠦ ᠶᠢ ᠪᠠᠶᠢᠴᠠᠭᠠᠪᠠ᠃ | ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠨᠡᠶᠢᠲᠡ 10 ᠠᠵᠤ ᠠᠬᠤᠶᠢᠯᠠᠯ ᠢ ᠪᠠᠶᠢᠴᠠᠭᠠᠵᠤ᠂ 2 | ᠠᠰᠠᠭᠤᠳᠠᠯ ᠤᠨ ᠳᠠᠯᠳᠠ ᠬᠡᠮ ᠢ ᠢᠯᠡᠷᠡᠭᠦᠯᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠤᠰᠤᠳ ᠰᠠᠯᠠᠭ᠎ᠠ ᠮᠥᠴᠢᠷ ᠲᠠᠢ ᠦᠷᠭᠦᠯᠵᠢᠯᠡᠨ ᠬᠠᠮᠲᠤᠷᠠᠯᠴᠠᠨ ᠬᠠᠤᠯᠢ | ᠬᠡᠷᠡᠭᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ |