ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/23
    4 ᠰᠠᠷ᠎ᠠ ᠶᠢᠨ 22 ᠤᠨ ᠡᠳᠦᠷ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠥᠪ ᠲᠠᠢ ᠬᠠᠮᠵᠢᠯᠴᠠᠨ ᠪᠢᠴᠢᠭᠡᠴᠢ ᠪᠠᠯᠭᠠᠰᠤᠨ ᠤ ᠴᠠᠩ ᠳ᠋ᠧ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃    ᠲᠣᠰ ᠤᠳᠠᠭᠠᠨ ᠤ ᠲᠤᠬᠠᠶ ᠶᠢᠨ ᠲᠠᠯᠠᠪᠤᠷ ᠲᠤ ᠠᠮᠲᠠᠲᠤ ᠬᠡᠮᠬᠡ᠂ ᠲᠥᠪᠡᠳ ᠬᠠᠰᠢ ᠪᠠ ᠪᠤᠷᠴᠠᠭ ᠤᠨ ᠥᠯᠢᠭᠡᠷ ᠡᠳ᠋ ᠢ ᠨᠡᠶᠢᠲᠡ 4 ᠪᠦᠯᠦᠭ ᠤᠳᠠᠭ᠎ᠠ ᠰᠣᠩᠭᠤᠨ ᠠᠪᠴᠠᠢ᠃ ᠥᠯᠢᠭᠡᠷ ᠠᠪᠬᠤ ᠬᠥᠮᠦᠰ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠥᠯᠢᠭᠡᠷ ᠠᠪᠬᠤ᠂ ᠪᠢᠲᠡᠭᠦᠮᠵᠢᠯᠡᠨ ᠬᠠᠳᠠᠭᠠᠯᠠᠬᠤ᠂ ᠳᠡᠩᠰᠡᠯᠡᠨ ᠲᠡᠮᠳᠡᠭᠯᠡᠬᠦ ᠵᠡᠷᠭᠡ ᠠᠵᠢᠯ ᠢ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠲᠠᠰ ᠳᠠᠷᠠᠭᠠᠯᠠᠯ ᠤᠨ ᠶᠣᠰᠣᠭᠠᠷ ᠪᠥᠬᠦ ᠶᠠᠪᠤᠴᠠ ᠳᠤ ᠬᠢᠨᠠᠯᠲᠠ ᠲᠠᠯᠪᠢᠵᠤ ᠲᠡᠮᠳᠡᠭᠯᠡᠵᠦ᠂ ᠥᠯᠢᠭᠡᠷ ᠠᠪᠬᠤ ᠶᠠᠪᠤᠴᠠ ᠶᠢᠨ ᠦᠨᠡᠨ ᠪᠣᠳᠠᠲᠤ ᠴᠢᠨᠠᠷ᠂ ᠪᠦᠲᠦᠮᠵᠢᠲᠦ ᠴᠢᠨᠠᠷ ᠢ ᠦᠨᠡᠨᠬᠦ ᠪᠠᠲᠤᠯᠠᠪᠠ ᠃ ᠡᠭᠦᠨ ᠤ ᠬᠠᠮᠲᠤ ᠬᠠᠤᠯᠢ ᠬᠡᠷᠡᠭᠵᠢᠭᠦᠯᠬᠦ ᠠᠵᠢᠯᠲᠠᠨ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号