4 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ | ᠬᠤᠰᠢᠭᠤᠨ ᠤ ᠬᠤᠷᠢᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 160 ᠳ᠋ᠤᠭᠠᠷ | ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃ | ᠬᠤᠷᠠᠯ ᠠᠴᠠ ︽ᠦᠨᠡᠨ︾ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ | ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠤᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠥᠷᠨᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ 172 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 180 ᠳ᠋ᠤᠭᠠᠷ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠵᠢᠯ ᠤᠨ | ᠲᠦᠷᠢᠮ ᠵᠢᠴᠢ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ ᠲᠦᠷᠢᠮ︾᠂ ︽ᠲᠦᠮᠡᠳ ᠵᠡᠭᠦᠨ ᠬᠤᠰᠢᠭᠤᠨ ᠤ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠬᠡᠷᠡᠭᠵᠢᠭᠦᠯᠬᠦ ᠲᠥᠰᠦᠯ | ︾᠂ ︽ᠲᠦᠮᠡᠳ ᠵᠡᠭᠦᠨ ᠬᠤᠰᠢᠭᠤᠨ ᠤ 2025 ᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠪᠡ︔ ᠮᠠᠨ ᠤ | ᠬᠤᠰᠢᠭᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠠᠪᠤᠨ ᠶᠡᠭᠡ | ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ 2025 ᠣᠨ ᠤ ᠠᠵᠢᠯ ᠤᠨ ᠲᠥᠯᠥᠪᠵᠢᠭᠦᠯᠭᠡ ᠶᠢ | ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠳᠠᠯᠳᠠ ᠬᠦᠴᠦᠨ ᠢ | ᠠᠭᠤᠳᠠᠯᠵᠤ᠂ ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠪᠣᠯᠣᠨ ᠭᠠᠵᠠᠷ ᠣᠷᠣᠨ ᠤ ᠬᠥᠭᠵᠢᠯᠲᠡ ᠶᠢ | ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃ ︽5.1︾ ᠤ ᠠᠮᠠᠷᠠᠯᠲᠠ ᠤᠳᠠᠯ ᠦᠭᠡᠢ ᠬᠦᠷᠴᠦ | ᠢᠷᠡᠬᠦ ᠭᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠮᠵᠢ ᠶᠢᠨ ᠣᠷᠣᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠵᠤᠭᠠᠴᠠᠭᠰᠠᠳ ᠲᠤ ᠰᠠᠶᠢᠨ | ᠰᠠᠭᠤᠭᠳᠠᠯ ᠦᠯᠡᠳᠡᠭᠡᠬᠦ ᠬᠡᠷᠡᠭᠲᠡᠢ ᠭᠡᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ᠂ ᠡᠯ᠎ᠡ ᠨᠢᠭᠡᠴᠢ ᠶᠢᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠮᠢᠯᠠᠨ ᠰᠠᠭᠤᠯᠭᠠᠭᠰᠠᠨ ᠳᠤᠭᠤᠶᠢᠯᠠᠩ ᠤᠨ ᠢᠯᠡᠷᠡᠭᠦᠯᠦᠭᠰᠡᠨ ᠡᠯ᠎ᠡ | ᠲᠦᠷᠦᠯ ᠤᠨ ᠠᠰᠠᠭᠤᠳᠠᠯ ᠳᠤ ᠵᠥᠪ ᠢᠶᠠᠷ ᠬᠠᠨᠳᠤᠵᠤ᠂ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ᠂ ᠮᠠᠲ᠋ᠧᠷᠢᠶᠠᠯ ᠤᠨ | ᠲᠠᠯ᠎ᠠ ᠪᠠᠷ ᠬᠢ ᠨᠢᠭᠤᠴᠠ ᠶᠢ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷ᠎ᠡ | ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠤᠯᠠᠮᠵᠢᠯᠠᠨ ᠲᠠᠷᠬᠠᠭᠠᠬᠤ ᠥᠬᠡᠶ ᠪᠠᠶᠢᠵᠤ᠂ ᠨᠢᠭᠤᠴᠠ ᠶᠢ | ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠠᠵᠢᠯ ᠤᠨ ᠳᠤᠮᠳᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠢ | ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠪᠥᠬᠦ ᠬᠤᠰᠢᠭᠤᠨ ᠤ ᠠᠵᠤ ᠠᠬᠤᠶ ᠶᠢᠨ | ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠮᠤ ᠪᠤᠳᠠᠭᠠᠨ ᠤ | ᠪᠠᠲᠤᠯᠠᠭ᠎ᠠ᠂ ᠰᠦ ᠶᠢᠨ ᠢᠷᠡᠯᠲᠡ ᠶᠢᠨ ᠬᠠᠩᠭᠠᠯᠭ᠎ᠠ ᠪᠠ ᠮᠢᠬᠠᠨ ᠤ ᠲᠥᠷᠥᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠥᠬᠦᠶ | ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |