ᠮᠠᠨ ᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ | ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠬᠤᠲᠠ᠂ ᠬᠤᠰᠢᠭᠤ ᠬᠤᠶᠠᠷ ᠱᠠᠲᠤᠨ ᠤ ᠲᠤᠭ᠎ᠠ | ᠪᠦᠷᠢᠳᠬᠡᠯ ᠤᠨ ᠲᠣᠪᠴᠢᠶ᠎ᠠ ᠬᠠᠮᠲᠤᠷᠠᠨ ᠪᠠᠯᠠ ᠣᠷᠣᠭᠤᠯᠤᠯᠲᠠ ᠶᠢᠨ ᠲᠤᠰᠬᠠᠶ ᠬᠢᠨᠠᠨ ᠪᠠᠶᠢᠴᠠᠭᠠᠬᠤ ᠠᠵᠢᠯ ᠢ | ᠥᠷᠨᠢᠭᠦᠯᠪᠡ᠃ | ᠲᠣᠰ ᠤᠳᠠᠭᠠᠨ ᠤ ᠬᠢᠨᠠᠨ ᠪᠠᠶᠢᠴᠠᠭᠠᠯᠲᠠ ᠭᠤᠤᠯᠳᠠᠭᠤ 2025 ᠣᠨ ᠤ ᠨᠢᠭᠡᠳᠦᠭᠡᠷ ᠤᠯᠠᠷᠢᠯ ᠤᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠬᠡᠷ ᠪᠠᠶᠢᠰᠢᠩ ᠭᠠᠵᠠᠷ ᠬᠥᠷᠥᠩᠭᠡ᠂ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠨᠢ ᠪᠣᠳᠠᠲᠠᠶ ᠪᠠᠶᠢᠳᠠᠯ ᠲᠠᠢ | ᠨᠢᠭᠡᠳᠦᠯᠲᠡᠶ ᠪᠠᠶᠢᠬᠤ ᠡᠰᠡᠬᠦ ᠶᠢᠨ ᠲᠣᠭᠤᠷᠢᠨ ᠳᠤ ᠥᠷᠨᠢᠭᠦᠯᠦᠭᠰᠡᠨ ᠡᠰᠡᠬᠦ ᠶᠢ ᠬᠢᠨᠠᠨ ᠪᠠᠶᠢᠴᠠᠭᠠᠬᠤ ᠠᠵᠢᠯᠲᠠᠨ | ᠲᠥᠷᠥᠯ ᠵᠦᠢᠯ ᠤᠨ ᠦᠨᠡᠨ ᠪᠣᠳᠠᠲᠤ ᠴᠢᠨᠠᠷ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠪᠥᠲᠥᠭᠡᠨ | ᠪᠠᠶᠢᠭᠤᠯᠤᠯᠲᠠ ᠶᠢᠨ ᠠᠬᠢᠴᠠ᠂ ᠪᠠᠯᠠ ᠮᠥᠩᠭᠦ᠂ ᠵᠠᠯᠭᠠᠮᠵᠢ ᠪᠠᠯᠠ ᠣᠷᠣᠭᠤᠯᠤᠯᠲᠠ ᠶᠢᠨ ᠲᠥᠯᠥᠪᠯᠡᠭᠡ ᠵᠡᠷᠭᠡ ᠶᠢ | ᠭᠦᠨᠵᠡᠭᠡᠶ ᠣᠶᠢᠯᠠᠭᠠᠭᠰᠠᠨ ᠪᠥᠭᠡᠳ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠪᠤᠶᠤ ᠪᠠᠷᠢᠯᠭ᠎ᠠ ᠶᠢᠨ | ᠠᠬᠢᠴᠠ ᠶᠢᠨ ᠬᠠᠭᠤᠳᠠᠰᠤ ᠵᠡᠷᠭᠡ ᠠᠩᠬᠠᠨ ᠤ ᠮᠠᠲ᠋ᠧᠷᠢᠶᠠᠯ ᠢ ᠪᠠᠶᠢᠴᠠᠭᠠᠨ ᠦᠵᠡᠵᠦ᠂ ᠲᠥᠷᠥᠯ ᠵᠦᠢᠯ ᠢ ᠮᠡᠳᠡᠭᠦᠯᠦᠨ | ᠬᠦᠷᠭᠡᠬᠦ ᠠᠭᠤᠯᠭ᠎ᠠ ᠨᠢ ᠪᠣᠳᠠᠲᠠᠶ ᠪᠠᠶᠢᠳᠠᠯ ᠲᠠᠢ ᠬᠠᠷᠢᠯᠴᠠᠨ ᠵᠣᠬᠢᠴᠠᠯᠳᠤᠭᠰᠠᠨ ᠡᠰᠡᠬᠦ ᠶᠢ ᠬᠢᠨᠠᠨ ᠬᠠᠷᠭᠤᠭᠤᠯᠬᠤ ᠶᠢᠨ | ᠬᠠᠮᠲᠤ᠂ ᠠᠵᠤ ᠠᠬᠤᠶᠢᠯᠠᠯ ᠤᠨ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠪᠠ ᠭᠡᠷᠡᠴᠢ ᠪᠠᠷᠢᠮᠲᠠ ᠬᠠᠩᠭᠠᠬᠤ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠮᠡᠳᠡᠭᠦᠯᠬᠦ ᠬᠦᠰᠦᠨᠦᠭᠲᠦ ᠶᠢᠨ ᠭᠦᠢᠴᠡᠳᠬᠡᠯ ᠲᠤᠭ᠎ᠠ ᠶᠢ ᠵᠥᠪ | ᠣᠨᠣᠪᠴᠢᠲᠠᠶ ᠣᠶᠢᠯᠠᠭᠠᠵᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ | ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠲᠤᠭ᠎ᠠ ᠪᠦᠷᠢᠳᠬᠡᠯ ᠤᠨ | ᠠᠵᠢᠯᠲᠠᠨ ᠤ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠯᠠ | ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠰᠠᠭᠤᠷᠢ ᠶᠢ ᠪᠠᠲᠤᠳᠬᠠᠪᠠ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠦᠨᠡᠨ ᠠᠴᠠ | ᠵᠥᠪ ᠢ ᠡᠷᠢᠬᠦ᠂ ᠯᠠᠪᠳᠠᠭᠤᠨ ᠪᠠᠲᠤᠲᠠᠶ ᠥᠨᠳᠥᠷ ᠪᠦᠲᠦᠮᠵᠢᠲᠡᠶ ᠠᠵᠢᠯ ᠤᠨ ᠣᠪᠣᠷ ᠢ ᠦᠷᠭᠦᠯᠵᠢᠯᠡᠨ ᠪᠠᠷᠢᠮᠲᠠᠯᠠᠵᠤ᠂ | ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠶᠢ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠪᠣᠯᠭᠠᠵᠤ᠂ ᠠᠵᠤ ᠠᠬᠤᠶᠢᠯᠠᠯ ᠳᠤ ᠦᠷᠭᠦᠯᠵᠢᠯᠡᠨ ᠭᠦᠨᠵᠡᠭᠡᠶᠢᠷᠡᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠡᠷᠴᠢᠮ ᠵᠢᠴᠢ ᠲᠤᠭ᠎ᠠ ᠪᠦᠷᠢᠳᠬᠡᠯ ᠤᠨ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠲᠦᠮᠡᠳ ᠵᠡᠭᠦᠨ ᠬᠤᠰᠢᠭᠤᠨ ᠤ ᠲᠤᠭ᠎ᠠ | ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠪᠥᠬᠦ ᠲᠠᠯ᠎ᠠ ᠶᠢᠨ᠂ ᠦᠨᠡᠨ ᠪᠣᠳᠠᠲᠠᠶ᠂ ᠪᠦᠲᠦᠮᠵᠢᠲᠡᠶ | ᠪᠠᠶᠢᠬᠤ ᠶᠢ ᠪᠠᠲᠤᠯᠠᠨ᠎ᠠ᠃ |