ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 22 ᠤᠨ ᠡᠳᠦᠷ᠂ ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠦᠨ ᠴᠤᠸᠠᠨ ᠹᠧᠩ ᠪᠦᠯᠬᠦᠮ ᠳᠠᠭᠠᠭᠤᠯᠤᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠲᠦᠮᠡᠳ ᠵᠡᠭᠦᠨ ᠬᠤᠰᠢᠭᠤᠨ ᠤ ᠶᠡᠭᠡ ᠠᠩᠭᠢ ᠳᠤ ᠭᠦᠨᠵᠡᠭᠡᠶᠢᠷᠡᠵᠦ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠲᠤᠰᠬᠠᠶ ᠰᠡᠳᠦᠪᠲᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠪᠥᠬᠦ ᠬᠤᠰᠢᠭᠤᠨ ᠤ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠬᠤ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠡᠷᠭᠡ ᠲᠠᠯ᠎ᠠ ᠪᠠᠷ ᠬᠢᠭᠰᠡᠨ ᠠᠵᠢᠯ ᠢ ᠨᠤᠲᠠᠯᠠᠭᠰᠠᠨ ᠤ ᠬᠠᠮᠲᠤ ᠪᠠᠶᠢᠴᠠᠭᠠᠨ ᠰᠤᠳᠤᠯᠬᠤ ᠳᠤᠮᠳᠠ ᠢᠯᠡᠷᠡᠭᠦᠯᠦᠭᠰᠡᠨ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠰᠠᠨᠠᠭᠤᠯᠬᠤ ᠳᠠᠭᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ︽1+1 Ⅴ2︾ ᠴᠠᠭᠳᠠᠭᠠᠨ ᠤ ᠶᠠᠪᠤᠳᠠᠯ ᠤᠨ ᠦᠢᠯᠡᠳᠦᠯ ᠴᠢᠳᠠᠪᠤᠷᠢ ᠶᠢ ᠬᠥᠭᠵᠢᠭᠡᠬᠦ ᠬᠡᠷᠡᠭᠲᠡᠶ᠃ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠤᠷᠭᠠᠨ ᠬᠥᠮᠦᠵᠢᠯ᠂ ᠲᠠᠷᠢᠶᠠᠯᠠᠩ ᠬᠥᠳᠡᠭᠡ ᠲᠣᠰᠬᠤᠨ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠬᠤ ᠪᠠ ᠬᠠᠮᠵᠢᠯᠴᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂  ᠴᠤᠭ ᠢᠶᠠᠷ ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠬᠤᠲᠠ ᠪᠠᠯᠭᠠᠰᠤ ᠶᠢᠨ ᠵᠠᠮ ᠨᠡᠪᠲᠡᠷᠡᠯᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠲᠤᠪᠠᠷ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号