ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠢᠲᠠᠳ ᠡᠮᠨᠡᠯᠭᠡ ᠶᠢ ᠠᠵᠤ ᠠᠬᠤᠶᠢᠯᠠᠯ ᠳᠤ ᠣᠷᠣᠭᠤᠯᠬᠤ︾ ᠠᠯᠪᠠᠨ ᠵᠢᠷᠤᠮ ᠤᠨ ᠡᠮᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/24
    ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠶᠢ ᠬᠦᠷᠲᠡᠭᠡᠬᠦ ᠶᠢᠨ ᠲᠥᠯᠥᠭᠡ᠂ 4 ᠰᠠᠷ᠎ᠠ ᠶᠢᠨ 23 ᠤ ᠡᠳᠦᠷ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠥᠷ ᠮᠣᠩᠭᠤᠯ ᠤᠨ  ᠵᠢᠨᠬᠠᠢ ᠢᠯᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠢᠲᠠᠳ ᠡᠮ ᠡᠮᠨᠡᠯᠭᠡ ᠶᠢ ᠠᠵᠤ ᠠᠬᠤᠶᠢᠯᠠᠯ ᠳᠤ ᠣᠷᠣᠭᠤᠯᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃    ᠲᠣᠰ ᠤᠳᠠᠭᠠᠨ ᠤ ᠠᠵᠢᠯᠯᠠᠭ᠎ᠠ ᠨᠢ ᠬᠢᠲᠠᠳ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠪᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠭᠤᠤᠯ ᠪᠣᠯᠭᠠᠨ᠂ ᠵᠢᠨᠬᠠᠢ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠣᠯᠠᠨ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠵᠢᠴᠢ ᠡᠮᠴᠢ ᠰᠤᠪᠢᠯᠠᠭᠴᠢ ᠶᠢ ᠴᠤᠭᠯᠠᠭᠤᠯᠪᠠ᠃ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠ ᠭᠦᠨ ᠵᠤᠵᠠᠭᠠᠨ ᠲᠤᠰᠬᠠᠶ ᠮᠡᠷᠭᠡᠵᠢᠯ ᠤᠨ ᠦᠨᠳᠦᠰᠦᠨ ᠴᠢᠳᠠᠪᠤᠷᠢ ᠳᠠᠭᠠᠨ ᠲᠦᠰᠢᠭᠯᠡᠨ᠂ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠤᠷ ᠲᠤ ᠢᠷᠡᠭᠰᠡᠨ ᠬᠥᠮᠦᠰ ᠲᠤ ᠨᠠᠷᠢᠨ ᠨᠢᠮᠪᠠᠶ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠵᠥᠪᠯᠡᠯᠭᠡ ᠬᠠᠩᠭᠠᠭᠰᠠᠨ ᠪᠥᠭᠡᠳ ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠳᠠᠯ ᠳᠤ ᠴᠢᠭᠯᠡᠭᠦᠯᠦᠨ ᠥᠪᠡᠷᠮᠢᠴᠡ ᠣᠨᠣᠰᠢᠯᠠᠨ ᠡᠮᠨᠡᠬᠦ ᠰᠠᠨᠠᠭᠤᠯᠭ᠎ᠠ ᠭᠠᠷᠭᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠪᠠ᠃    ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ ᠠᠭᠤᠷ ᠠᠮᠢᠰᠬᠤᠯ ᠳᠤᠯᠠᠭᠠᠬᠠᠨ ᠪᠠᠶᠢᠯ᠎ᠠ᠃ ᠠᠰᠠᠭᠤᠨ ᠯᠠᠪᠯᠠᠬᠤ᠂ ᠵᠡᠭᠦᠦ ᠲᠦᠭᠡᠨᠡᠯᠭᠡ᠂ ᠴᠢᠰᠤᠨ ᠰᠢᠬᠢᠷ᠂ ᠴᠢᠰᠤᠨ ᠳᠠᠷᠤᠯᠲᠠ ᠶᠢ ᠪᠠᠶᠢᠴᠠᠭᠠᠨ ᠰᠢᠯᠭᠠᠬᠤ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠡᠮᠬᠢ ᠵᠢᠷᠤᠮ ᠲᠠᠢ ᠥᠷᠨᠢᠭᠦᠯᠬᠦ ᠶᠢᠨ ᠬᠠᠮᠲᠤ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠣᠨᠣᠯ ᠲᠠᠢ ᠤᠶᠠᠯᠳᠤᠭᠤᠯᠤᠨ᠂ ᠪᠦᠯᠬᠦᠮ ᠨᠡᠶᠢᠲᠡ ᠶᠢᠨ ᠬᠢᠨ ᠪᠠᠰᠠ ᠣᠷᠣᠯᠴᠠᠭᠰᠠᠳ ᠲᠤ ᠢᠳᠡᠭᠡᠨ ᠤᠮᠳᠠᠭᠠᠨ ᠤ ᠲᠣᠬᠢᠷᠠᠭᠤᠯᠤᠯᠲᠠ᠂ ᠪᠠᠯᠴᠢᠷ ᠤᠨ ᠢᠯᠢᠬᠦ ᠵᠡᠷᠭᠡ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠠᠮᠢᠳᠤᠷᠠᠯ ᠤᠨ ᠨᠠᠷᠢᠨ ᠵᠦᠢᠯᠡᠰ ᠲᠤ ᠣᠷᠣᠭᠤᠯᠪᠠ᠃    ᠲᠤᠰ ᠤᠳᠠᠭᠠᠨ ᠤ ᠠᠵᠢᠯᠯᠠᠭ᠎ᠠ ᠨᠢ ᠮᠠᠰᠢ ᠣᠯᠠᠨ ᠣᠷᠣᠯᠴᠠᠭᠴᠢᠳ ᠢ ᠲᠠᠲᠠᠵᠤ ᠪᠠᠶᠢᠨ᠎ᠠ᠃ ᠴᠥᠭᠡᠨ ᠪᠤᠰᠤ ᠠᠵᠢᠯᠲᠠᠨ ᠠᠵᠢᠯᠴᠢᠨ ᠢᠯᠡᠷᠬᠡᠶᠢᠯᠡᠬᠦ ᠳᠡᠭᠡᠨ᠂ ᠬᠡᠷ ᠠᠴᠠ ᠪᠠᠨ ᠭᠠᠷᠬᠤ ᠥᠬᠡᠶ ᠪᠠᠷ ᠴᠢᠨᠠᠷ ᠰᠠᠶᠢᠲᠠᠶ ᠬᠢᠲᠠᠳ ᠡᠮᠨᠡᠯᠭᠡ ᠶᠢᠨ  ᠦᠢᠯᠡᠴᠢᠯᠡᠭᠡ ᠶᠢ ᠭᠥᠷᠳᠡᠵᠦ᠂ ᠣᠷᠳᠣ ᠬᠤᠭᠤᠴᠠᠭ᠎ᠠ ᠪᠠᠷ ᠡᠷᠡᠭᠦᠯ ᠮᠡᠨᠳᠦ ᠶᠢᠨ ᠠᠰᠠᠭᠤᠳᠠᠯ ᠳᠤ ᠲᠤᠰᠬᠠᠶ ᠮᠡᠷᠭᠡᠵᠢᠯ ᠤᠨ ᠬᠠᠷᠢᠭᠤᠯᠲᠠ ᠥᠭᠴᠦ᠂ ᠰᠡᠳᠬᠢᠯ ᠮᠠᠰᠢ ᠳᠤᠯᠠᠭᠠᠬᠠᠨ ᠪᠥᠭᠡᠳ ᠢᠷᠡᠭᠡᠳᠦᠶ ᠳᠤ ᠨᠠᠩ ᠣᠯᠠᠨ ᠡᠶᠢᠮᠦᠷᠬᠦ ᠠᠵᠢᠯᠯᠠᠭ᠎ᠠ ᠡᠷᠭᠢᠯᠡᠬᠦ ᠶᠢ ᠬᠦᠰᠡᠵᠦ ᠪᠠᠶᠢᠨ᠎ᠠ ᠭᠡᠵᠡᠶ᠃    ᠢᠷᠡᠭᠡᠳᠦᠢ ᠳᠤ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠣᠯᠠᠨ ᠲᠦᠮᠡᠨ ᠳᠤ ᠳᠥᠭᠦᠮ ᠳᠥᠲᠡ᠂ ᠴᠢᠨᠠᠷ ᠰᠠᠶᠢᠲᠠᠶ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ  ᠦᠢᠯᠡᠴᠢᠯᠡᠭᠡ ᠬᠦᠷᠲᠡᠭᠡᠵᠦ᠂ ᠡᠷᠡᠭᠦᠯ ᠡᠩᠬᠡ ᠲᠦᠮᠡᠳ ᠵᠡᠭᠦᠨ ᠬᠤᠰᠢᠭᠤᠨ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号