ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠥᠷᠪᠡᠳᠦᠭᠡᠷ ᠬᠤᠭᠤᠴᠠᠭᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠶᠠᠷᠢᠶᠠᠨ ᠤ ᠲᠠᠩᠬᠢᠮ ᠵᠢᠴᠢ DeepSeek ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/29
    ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠺᠠᠳ᠋ᠷ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠣᠭᠠᠴᠢᠯᠠᠭᠰᠠᠨ ᠠᠵᠢᠯ ᠤᠨ ᠪᠠᠶᠢᠳᠠᠯ ᠳᠤ ᠨᠠᠩ ᠰᠠᠶᠢᠲᠤᠷ ᠵᠣᠬᠢᠴᠠᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠥᠷᠪᠡᠳᠦᠭᠡᠷ ᠬᠤᠭᠤᠴᠠᠭᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠶᠠᠷᠢᠶᠠᠨ ᠤ ᠲᠠᠩᠬᠢᠮ ᠵᠢᠴᠢ DeepSeek ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠪᠦᠬᠦ ᠲᠣᠪᠴᠢᠶ᠎ᠠ ᠶᠢᠨ 50 ᠭᠠᠷᠤᠶ ᠺᠠᠳ᠋ᠷ ᠠᠵᠢᠯᠲᠠᠨ ᠪᠣᠯᠪᠠᠰᠤᠷᠠᠯ ᠳᠤ ᠣᠷᠣᠯᠴᠠᠪᠠ᠃    ᠲᠤᠰ ᠤᠳᠠᠭᠠᠨ ᠤ ᠪᠤᠯᠪᠠᠰᠤᠷᠠᠯ ᠨᠢ DeepSeek ᠬᠦᠷᠢᠶᠡᠨ ᠤ ᠯᠧᠺᠲ᠋ᠤᠷ ᠢ ᠤᠷᠢᠵᠤ ᠬᠢᠴᠢᠶᠡᠯ ᠤᠷᠤᠭᠤᠯᠪᠠ᠃ ᠭᠤᠤᠯᠳᠠᠭᠤ DeepSeek ᠶᠠᠭᠤ ᠪᠣᠯᠬᠤ᠂ ᠶᠠᠭᠤ ᠬᠢᠵᠦ ᠪᠣᠯᠬᠤ᠂ ᠬᠡᠷᠬᠢᠨ ᠬᠡᠷᠡᠭᠯᠡᠬᠦ ᠵᠡᠷᠭᠡ ᠣᠯᠠᠨ ᠬᠠᠷᠠᠭᠠᠨ ᠤ ᠲᠣᠭᠤᠷᠢᠨ ᠳᠤ ᠭᠦᠨᠵᠡᠭᠡᠶ ᠲᠠᠶᠢᠯᠤᠮᠵᠢ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠦᠵᠡᠭᠳᠡᠯ ᠲᠠᠢ ᠤᠶᠠᠯᠳᠤᠭᠤᠯᠤᠨ᠂ DeepSeek ᠤᠬᠠᠭᠠᠯᠠᠨ ᠰᠡᠳᠦᠬᠦ᠂ ᠲᠥᠷᠥ ᠶᠢᠨ ᠪᠣᠳᠣᠯᠭ᠎ᠠ ᠬᠦᠷᠭᠡᠬᠦ᠂ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ ᠵᠡᠷᠭᠡ ᠲᠠᠯ᠎ᠠ ᠶᠢᠨ ᠪᠣᠳᠠᠲᠠᠶ ᠠᠵᠢᠯᠯᠠᠭᠠᠨ ᠤ ᠴᠢᠳᠠᠮᠵᠢ ᠶᠢ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠵᠦ᠂ ᠪᠥᠬᠦ ᠲᠠᠯᠠᠪᠤᠷ ᠤᠨ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠲᠤᠭ᠎ᠠ ᠪᠠᠷᠢᠮᠲᠠ ᠨᠢ ᠨᠠᠷᠢᠨ ᠪᠣᠳᠠᠲᠠᠶ᠂ ᠣᠨᠣᠯ ᠤᠨ ᠰᠢᠰᠲ᠋ᠧᠮᠲᠦ ᠴᠢᠨᠠᠷ ᠲᠠᠢ ᠮᠥᠷᠲᠡᠭᠡᠨ ᠪᠠᠰᠠ ᠦᠢᠯᠡᠳᠦᠯᠭᠡ ᠶᠢᠨ ᠵᠢᠯᠣᠭᠤᠳᠬᠤ ᠴᠢᠨᠠᠷ ᠲᠠᠢ ᠪᠠᠶᠢᠵᠤ᠂ ᠪᠥᠬᠦ ᠺᠠᠳ᠋ᠷᠴᠤᠳ ᠤᠨ Deeek ᠬᠡᠷᠡᠭᠯᠡᠯᠲᠡ ᠶᠢᠨ ᠲᠠᠨᠢᠯᠲᠠ ᠪᠠ ᠦᠢᠯᠡᠳᠦᠯᠭᠡ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃    ᠡᠭᠦᠨ ᠤ ᠬᠠᠮᠲᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ DeepSeek ᠮᠡᠷᠭᠡᠵᠢᠯ ᠢ ᠨᠠᠩ ᠰᠠᠶᠢᠨ ᠣᠶᠢᠯᠠᠭᠠᠭᠤᠯᠤᠨ ᠡᠵᠡᠮᠰᠢᠭᠦᠯᠬᠦ ᠶᠢᠨ ᠲᠥᠯᠥᠭᠡ᠂ ᠪᠣᠯᠪᠠᠰᠤᠷᠠᠭᠤᠯᠤᠯ ᠳᠤ ᠣᠷᠣᠯᠴᠠᠭᠰᠠᠳ ᠢᠳᠡᠪᠬᠢᠲᠡᠶ ᠠᠰᠠᠭᠤᠯᠲᠠ ᠠᠰᠠᠭᠤᠵᠤ᠂ DeepSeek ᠮᠡᠷᠭᠡᠵᠢᠯ ᠢ ᠪᠣᠳᠠᠲᠠᠶ ᠠᠵᠢᠯ ᠤᠨ ᠳᠤᠮᠳᠠ ᠬᠡᠷᠬᠢᠨ ᠨᠠᠩ ᠰᠠᠶᠢᠨ ᠬᠡᠷᠡᠭᠯᠡᠬᠦ ᠶᠢ ᠬᠠᠯᠠᠭᠤᠨ ᠢᠶᠠᠷ ᠶᠠᠷᠢᠯᠴᠠᠪᠠ᠃ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠶᠢᠨ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠶᠢᠨ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ ᠲᠣᠰ ᠤᠳᠠᠭᠠᠨ ᠤ ᠰᠣᠷᠣᠭᠰᠠᠨ ᠮᠡᠳᠡᠯᠭᠡ ᠶᠢ ᠪᠣᠳᠠᠲᠠᠶ ᠠᠵᠢᠯ ᠤᠨ ᠳᠤᠮᠳᠠ ᠬᠡᠷᠡᠭᠯᠡᠵᠦ ᠂ ᠠᠵᠢᠯ ᠤᠨ ᠦᠷ᠎ᠡ ᠪᠦᠲᠦᠮᠵᠢ ᠪᠠ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠡᠶ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ DeepSeek ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠬᠡᠷᠡᠭᠯᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠤᠶᠤᠨᠴᠢᠯᠠᠯᠲᠠ ᠪᠠ ᠨᠠᠷᠢᠯᠢᠬᠵᠢᠭᠤᠯᠤᠭᠰᠠᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠣᠶᠢᠯᠠᠭᠠᠯᠲᠠ ᠶᠢ ᠬᠠᠩᠭᠠᠨ᠎ᠠ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号