ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠶᠢᠨ ᠲᠥᠯᠥᠭᠡ᠂ ᠱᠠᠩᠳᠠ ᠪᠠᠯᠭᠠᠰᠤᠨ ᠤ ᠳᠡᠳ᠋ ᠳᠠᠷᠤᠭ᠎ᠠ ᠯᠸᠢ ᠵᠧᠨ ᠬᠤᠸᠠ ᠪᠦᠯᠬᠦᠮ ᠳᠠᠭᠠᠭᠤᠯᠤᠨ | ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ | ᠪᠣᠯᠪᠠᠰᠤᠷᠠᠭᠤᠯᠤᠯ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠠᠮᠤᠷ ᠲᠦᠪᠰᠢᠨ ᠤ ᠵᠠᠮ ᠰᠠᠭᠠᠳ | ᠥᠬᠡᠶ ᠨᠡᠪᠲᠡᠷᠡᠬᠦ ᠡᠰᠡᠬᠦ ᠵᠡᠷᠭᠡ ᠬᠡᠳᠦᠨ ᠲᠠᠯ᠎ᠠ ᠪᠠᠷ ᠨᠠᠷᠢᠨ ᠪᠠᠶᠢᠴᠠᠭᠠᠯᠲᠠ ᠬᠢᠪᠠ᠃ ᠪᠠᠶᠢᠴᠠᠭᠠᠯᠲᠠ ᠬᠢᠬᠦ ᠶᠢᠨ ᠬᠠᠮᠲᠤ | ᠂ ᠪᠠᠶᠢᠴᠠᠭᠠᠬᠤ ᠠᠵᠢᠯᠲᠠᠳ ᠪᠠᠰᠠ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠢᠳᠡᠪᠬᠢᠲᠡᠢ ᠤᠬᠠᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠠᠵᠢᠯᠲᠠᠳ ᠤᠨ | ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠱᠠᠩᠳᠠ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠠᠶᠤᠯᠭᠦᠢ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠮᠠᠨ ᠤ ᠪᠠᠯᠭᠠᠰᠤᠨ ᠤ ᠠᠮᠤᠷ ᠲᠦᠪᠰᠢᠨ ᠤ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ |