ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠥᠬᠦ ᠬᠤᠰᠢᠭᠤᠨ ᠤ ᠬᠥᠲᠥᠴᠢ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/3
    4 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ ᠥᠪᠥᠷ ᠮᠣᠩᠭᠤᠯ ᠤᠨ ᠢ ᠱᠦᠨ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠯᠢ ᠶᠤᠸᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠪᠦᠲᠦᠴᠡ ᠶᠢᠨ ᠲᠤᠬᠠᠢ ᠲᠠᠨᠢᠯᠴᠠᠭᠤᠯᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠦᠢᠯᠡᠳᠪᠦᠷᠢᠯᠡᠯ ᠤᠨ ᠲᠠᠰᠤᠭ ᠵᠢᠴᠢ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠵᠡᠷᠭᠡ ᠲᠠᠯ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠢ ᠱᠦᠨ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠯᠢ ᠶᠤᠸᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠢᠳᠡᠭᠡᠨ ᠡᠳ᠋ᠰᠢᠭᠦᠯᠬᠦ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠶᠤᠯᠭᠦᠶ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠬᠠᠩᠭᠠᠯᠭ᠎ᠠ ᠶᠢᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠡᠭᠦᠨ ᠤ ᠬᠠᠮᠲᠤ᠂ ᠪᠠᠶᠢᠴᠠᠭᠠᠯᠲᠠ ᠶᠢᠨ ᠳᠤᠮᠳᠠ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠣᠯᠣᠭᠠᠶᠢᠯᠠᠭᠴᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号