ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠡᠭᠦᠯᠵᠢᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/3
    ᠡᠷᠡᠭᠦᠯᠵᠢᠯ ᠤᠨ ᠢᠳᠡᠭᠡᠨ ᠤ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠷᠡᠭᠦᠯᠵᠢᠯ ᠤᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃    ᠲᠣᠰ ᠤᠳᠠᠭᠠᠨ ᠤ ᠪᠠᠶᠢᠴᠠᠭᠠᠯᠲᠠ ᠳᠤ᠂ ᠨᠢᠭᠡ ᠳᠤ᠂ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠨᠢ ᠡᠷᠡᠭᠦᠯᠵᠢᠯ ᠤᠨ ᠢᠳᠡᠭᠡᠨ ᠤ ᠪᠣᠷᠣᠯᠠᠭᠤᠯᠭ᠎ᠠ ᠶᠢᠨ ᠲᠤᠰᠬᠠᠶ ᠲᠣᠭᠤᠷᠢᠭ᠂ ᠲᠤᠰᠬᠠᠶ ᠬᠤᠷᠭᠤ ᠭᠠᠷᠭᠠᠭᠰᠠᠨ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ ᠡᠷᠡᠭᠦᠯᠵᠢᠯ ᠤᠨ ᠢᠳᠡᠭᠡᠨ ᠤ ᠲᠤᠰᠬᠠᠶ ᠲᠣᠭᠤᠷᠢᠭ ᠤᠨ ᠲᠡᠮᠳᠡᠭ ᠢ ᠲᠣᠳᠣᠷᠬᠠᠶ ᠳᠣᠭᠢᠷᠠᠭᠤᠯᠤᠭᠰᠠᠨ ᠡᠰᠡᠬᠦ᠂ ︽ᠡᠷᠡᠭᠦᠯᠵᠢᠯ ᠤᠨ ᠢᠳᠡᠭᠡᠨ ᠨᠢ ᠡᠮ ᠪᠢᠰᠢ᠂ ᠡᠮ ᠢᠶᠠᠷ ᠵᠠᠰᠠᠬᠤ ᠶᠢ ᠣᠷᠣᠯᠠᠵᠤ ᠪᠣᠯᠬᠤ ᠥᠬᠡᠶ︾ ᠭᠡᠬᠦ ᠰᠡᠷᠡᠮᠵᠢ ᠶᠢᠨ ᠤᠷᠢᠶ᠎ᠠ ᠯᠣᠽᠦ᠋ᠩ︔ ᠬᠤᠶᠠᠷ ᠲᠤ᠂ ᠡᠵᠡᠩᠨᠡᠯᠲᠡ ᠶᠢᠨ ᠲᠠᠯᠠᠪᠤᠷ ᠤᠨ ᠡᠷᠡᠭᠦᠯᠵᠢᠯ ᠤᠨ ᠢᠳᠡᠭᠡᠨ ᠪᠣᠯᠤᠨ ᠡᠩ ᠤᠨ ᠢᠳᠡᠭᠡᠨ᠂ ᠡᠮ ᠤᠨ ᠵᠦᠢᠯ ᠢ ᠬᠤᠯᠢᠯᠳᠤᠭᠤᠯᠤᠨ ᠪᠣᠷᠣᠯᠠᠭᠤᠯᠵᠤ ᠪᠠᠶᠢᠬᠤ ᠡᠰᠡᠬᠦ ᠶᠢ ᠪᠠᠶᠢᠴᠠᠭᠠᠪᠠ︔ ᠭᠤᠷᠪᠠ ᠳᠤ᠂ ᠡᠵᠡᠩᠨᠡᠭᠴᠢ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠲᠦᠷᠢᠮ ᠢ ᠬᠡᠷᠡᠭᠵᠢᠭᠦᠯᠦᠭᠰᠡᠨ ᠡᠰᠡᠬᠦ ᠶᠢ ᠪᠠᠶᠢᠴᠠᠭᠠᠪᠠ᠃    ᠲᠣᠰ ᠤᠳᠠᠭ᠎ᠠ ᠡᠷᠡᠭᠦᠯ ᠮᠡᠨᠳᠦ ᠶᠢ ᠬᠠᠮᠠᠭᠠᠯᠠᠬᠤ ᠢᠳᠡᠭᠡᠨ ᠤ ᠡᠵᠡᠩᠨᠡᠯᠲᠡ ᠶᠢᠨ 5 ᠨᠢᠭᠡᠴᠡ ᠶᠢ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠡᠭᠦᠯᠵᠢᠯ ᠤᠨ ᠢᠳᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠯᠵᠢᠯ ᠤᠨ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号