ᠺᠤᠸᠠᠨ ᠴᠧᠩ ᠨᠡᠶᠢᠭᠡᠮ ᠲᠣᠭᠤᠷᠢᠭ ︽ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠦᠨᠳᠦᠰᠦᠨ ᠱᠠᠲᠤᠨ ᠳᠤ ᠪᠠᠭᠤᠵᠤ ᠬᠠᠤᠯᠢ ᠲᠦᠭᠡᠮᠡᠯᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/30
    ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠠᠮᠤᠷ ᠠᠮᠤᠭᠤᠯᠠᠩ ᠨᠡᠶᠢᠭᠡᠮ ᠲᠣᠭᠤᠷᠢᠭ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠃ ᠣᠶᠢᠷ᠎ᠠ ᠳᠤ᠂ ᠺᠤᠸᠠᠨ ᠴᠧᠩ ︽ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ︾ ᠥᠷᠨᠢᠭᠦᠯᠪᠡ᠃    ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠦᠨᠳᠦᠰᠦᠨ ᠱᠠᠲᠤᠨ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠭᠰᠡᠨ ᠪᠥᠭᠡᠳ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠮᠡᠳᠡᠯᠭᠡ ᠵᠢᠴᠢ ᠣᠯᠠᠨ ᠲᠦᠮᠡᠨ ᠤ ᠠᠰᠠᠭᠤᠳᠠᠯ ᠳᠤ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠠᠮᠢᠳᠤᠷᠠᠯ ᠤᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ  ᠰᠢᠢᠳᠪᠦᠷᠢᠯᠡᠵᠦ᠂ ᠣᠯᠠᠨ ᠲᠦᠮᠡᠨ ᠢ ᠬᠠᠪᠰᠤᠷᠤᠨ ᠬᠠᠤᠯᠢ ᠪᠠᠷ ᠵᠠᠰᠠᠬᠤ ᠦᠵᠡᠯᠲᠡ ᠶᠢ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠺᠤᠸᠠᠨ ᠴᠧᠩ ᠨᠡᠶᠢᠭᠡᠮ ᠲᠣᠭᠤᠷᠢᠭ ᠦᠷᠭᠦᠯᠵᠢᠯᠡᠨ ︽ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠢᠶᠠᠷ ᠰᠠᠭᠤᠷᠢ ᠪᠣᠯᠭᠠᠭᠰᠠᠨ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号