ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃    ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ᠂ ᠤᠬᠠᠭᠤᠯᠬᠤ ᠠᠵᠢᠯ ᠤᠨ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ᠂ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠠᠵᠢᠯ ᠢ ᠭᠤᠤᠯ ᠠᠵᠢᠯ ᠲᠠᠢ ᠨᠢᠭᠲᠠ ᠤᠶᠠᠯᠳᠤᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠡᠮᠦᠨ᠎ᠡ ᠨᠢ ᠭᠠᠪᠰᠢᠭᠠᠶᠢᠯᠠᠵᠤ᠂ ᠲᠥᠷᠥᠯ ᠵᠦᠢᠯ ᠢ ᠲᠥᠯᠥᠪᠵᠢᠭᠦᠯᠬᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠡᠭᠦᠷ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠠᠵᠤ ᠠᠬᠤᠶᠢᠯᠠᠯ ᠤᠨ ᠨᠠᠮ ᠤᠨ ᠡᠭᠦᠷ ᠤᠨ ᠡᠭᠦᠷᠭᠡ ᠬᠠᠷᠢᠭᠤᠴᠠᠯᠭ᠎ᠠ ᠶᠢ ᠳᠠᠶᠢᠴᠢᠯᠠᠵᠤ᠂ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠬᠡᠷᠡᠭᠲᠡᠢ᠃    ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠬᠤ ᠪᠠ ᠬᠢᠬᠦ ᠶᠢ ᠤᠶᠠᠯᠳᠤᠭᠤᠯᠵᠤ᠂ ᠪᠠᠶᠢᠴᠠᠭᠠᠬᠤ ᠪᠠ ᠥᠭᠡᠷᠡᠴᠢᠯᠡᠬᠦ ᠶᠢ ᠨᠡᠪᠲᠡᠷᠡᠭᠦᠯᠵᠦ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠬᠤ ᠨᠢ ᠶᠠᠰᠤ ᠴᠢᠨᠠᠷ ᠲᠠᠢ᠂ ᠪᠠᠶᠢᠴᠠᠭᠠᠬᠤ ᠨᠢ ᠡᠷᠴᠢᠮ ᠲᠠᠢ᠂ ᠰᠠᠶᠢᠵᠢᠷᠠᠭᠤᠯᠤᠭᠰᠠᠨ ᠨᠢ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠦᠷᠭᠦᠯᠵᠢᠯᠡᠨ ᠵᠣᠷᠢᠭᠵᠢᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠳᠤ ᠬᠥᠮᠦᠨ ᠰᠣᠩᠭᠤᠵᠤ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ︽ᠰᠢᠰᠲ᠋ᠧᠮᠵᠢᠭᠦᠯᠦᠨ ᠲᠥᠪᠯᠡᠷᠡᠭᠦᠯᠬᠦ︾ ᠰᠡᠳᠬᠢᠬᠦᠶ ᠪᠠᠷ ᠬᠠᠮᠵᠢᠯᠴᠠᠨ ᠵᠠᠰᠠᠬᠤ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠨᠡᠶᠢᠭᠡᠮ ᠤᠨ ᠠᠵᠢᠯ ᠤᠨ ᠶᠠᠮᠤᠨ ᠨᠢᠭᠡᠳᠦᠯᠲᠡᠶ ᠲᠥᠯᠥᠪᠯᠡᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠤᠰᠢᠭᠤᠨ ᠤ ᠱᠠᠲᠤᠨ ᠤ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ︽ᠰᠠᠷ᠎ᠠ ᠳᠤ ᠲᠣᠬᠢᠷᠠᠭᠤᠯᠤᠯᠲᠠ ᠬᠢᠵᠦ᠂ ᠤᠯᠠᠷᠢᠯ ᠳᠤ ᠵᠠᠷᠯᠠᠨ ᠮᠡᠳᠡᠭᠳᠡᠵᠦ᠂ ᠣᠨ ᠤ ᠬᠢᠨᠠᠨ ᠰᠢᠯᠭᠠᠬᠤ︾ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠬᠡᠪᠰᠢ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠵᠣᠬᠢᠴᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠰᠢᠪᠠᠳᠠᠨ ᠭᠦᠢᠴᠡᠳᠬᠡᠵᠦ᠂ ︽ᠳᠡᠳ᠋ ᠱᠦᠵᠢ ᠶᠢᠨ ᠲᠤᠰᠬᠠᠢ ᠲᠤᠰᠢᠶᠠᠯᠲᠤ ᠠᠯᠪᠠᠨ ᠭᠡᠷ ᠤᠨ ᠲᠣᠣᠷᠵᠢᠭᠤᠯᠤᠨ ᠬᠡᠷᠡᠭᠵᠢᠭᠦᠯᠬᠦ︾ ᠬᠠᠷᠢᠭᠤᠴᠠᠯᠭ᠎ᠠ ᠶᠢᠨ ᠬᠡᠯᠬᠢᠶ᠎ᠡ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠨᠡᠶᠢᠭᠡᠮ ᠤᠨ ᠠᠵᠢᠯ ᠤᠨ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ ᠵᠦᠢᠯᠡᠰ ᠲᠤ ︽ᠤᠷᠢᠳᠠᠪᠠᠷ ᠬᠠᠷᠢᠭᠤᠴᠠᠬᠤ ᠳᠦᠷᠢᠮ︾ ᠢ ᠪᠠᠶᠢᠭᠤᠯᠬᠤ ᠬᠡᠷᠡᠭᠲᠡᠶ᠃    ᠬᠤᠰᠢᠭᠤᠨ ᠤ ᠤᠳᠤᠷᠢᠳᠤᠯᠭ᠎ᠠ ᠭᠧ ᠶᠢᠨ ᠯᠢᠩ᠂ ᠯᠢ ᠶᠤᠸᠠᠢ ᠴᠢᠩ᠂ ᠸᠠᠩ ᠱᠦ ᠢᠦᠢ᠂ ᠸᠠᠩ ᠵᠧᠨ ᠰᠢᠶᠠᠩ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号